ᠰᠠᠶᠢᠨ ᠡᠬᠦᠯᠳᠡᠷ ᠤᠨ ᠦᠬᠡᠷ ᠮᠠᠯᠵᠢᠭᠠᠤᠨ ᠰᠠᠶᠢᠨ ᠦᠷ᠎ᠡ ᠠᠰᠢᠭ ᠬᠦᠷᠲᠡᠨ᠎ᠡ
ᠨᠡᠶᠢᠲᠡᠯᠡᠭᠰᠡᠨ ᠴᠠᠭ᠄
2025/3/13
    ᠭᠤᠤᠯᠳᠠᠮᠤᠷ ᠪᠤᠯ ᠪᠠᠷᠠᠭᠤᠨ ᠦᠵᠦᠮᠦᠴᠢᠨ ᠬᠤᠰᠢᠭᠤᠨ ᠤ ᠪᠠᠶᠡᠡᠬᠤᠰᠢᠭᠤ ᠰᠤᠮᠤᠨ ᠤ ᠬᠦᠷᠡᠯᠳᠦ ᠭᠠᠴᠠᠭᠠᠨ ᠤ ᠡᠩ ᠤᠨ ᠨᠢᠬᠡᠨ ᠮᠠᠯᠴᠢᠨ ᠪᠤᠯᠬᠤ ᠶᠤᠮ᠃ ᠲᠡᠷᠡ 2005 ᠤᠨ ᠠᠴᠠ ᠡᠬᠢᠯᠡᠨ ᠦᠬᠡᠷ ᠤᠨ ᠡᠬᠦᠯᠳᠡᠷ ᠰᠠᠶᠢᠵᠢᠷᠠᠭᠤᠯᠵᠦ᠂ ᠤᠯᠡᠨ ᠮᠠᠯᠴᠢᠤᠨ ᠲᠠᠭᠠᠨ ᠨᠠᠶᠢᠳᠡᠯᠢᠭ ᠵᠢᠱᠢᠶ᠎ᠡ ᠪᠤᠯᠵᠦ᠂ ᠠᠶᠢᠮᠠᠭ ᠤᠨ ᠲᠡᠰ ᠤᠨ ᠭᠤᠤᠯᠳᠡᠯᠭᠠᠳᠦ ᠰᠦᠷᠦᠭ᠂ ᠡᠬᠦᠯᠳᠡᠷ ᠤᠨ ᠦᠬᠡᠷ ᠮᠠᠯᠵᠢᠬᠰᠡᠨ ᠵᠢᠱᠢᠶ᠎ᠡ ᠦᠵᠡᠬᠦᠯᠬᠦ ᠡᠷᠦᠬᠡ ᠪᠤᠯᠤᠬᠰᠡᠨ ᠪᠠᠶᠢᠨ᠎ᠠ᠃     ᠠᠮᠢ ᠠᠬᠤᠢ ᠪᠠᠨ ᠬᠠᠮᠠᠭᠠᠯᠠᠬᠤ ᠤᠷᠢᠳᠡᠯ ᠲᠤᠤᠷ᠎ᠠ ᠦᠬᠡᠷ ᠤᠨ ᠡᠬᠦᠯᠳᠡᠷ ᠢ ᠰᠠᠶᠢᠵᠢᠷᠠᠭᠤᠯᠪᠠ     ᠠᠮᠢ ᠠᠬᠤᠢ ᠪᠠᠨ ᠬᠠᠮᠠᠭᠠᠯᠠᠬᠤ᠂ ᠠᠮᠢ ᠠᠬᠤᠢ ᠪᠠᠨ ᠰᠠᠶᠢᠵᠢᠷᠠᠭᠤᠯᠵᠦ ᠶᠠᠪᠤᠬᠤ ᠨᠢ ᠮᠢᠨᠦ ᠦᠪᠡᠷ ᠤᠨ ᠡᠬᠦᠷᠬᠡ ᠬᠠᠷᠢᠭᠤᠴᠠᠯᠭ᠎ᠠ ᠬᠡᠳᠡᠭ ᠦᠵᠡᠯ ᠲᠠᠨᠢᠯᠳᠡ ᠠᠴᠠ᠂ ᠰᠠᠶᠢᠨ ᠦᠬᠡᠷ ᠤᠨ ᠡᠬᠦᠯᠳᠡᠷ ᠰᠠᠶᠢᠵᠢᠷᠠᠭᠤᠯᠵᠦ ᠮᠠᠯᠵᠢᠪᠡᠯ ᠰᠠᠶ᠋ᠢ ᠦᠡᠳᠦᠷ ᠠᠰᠢᠬᠳᠦ ᠤᠷᠤᠯᠭ᠎ᠠ ᠤᠯᠬᠤ ᠨᠢ ᠵᠦᠢ ᠶᠤᠰᠤᠨ ᠤ ᠤᠴᠢᠷ ᠬᠡᠳᠡᠭ ᠢ ᠬᠤᠯᠠ ᠶᠢᠨ ᠬᠠᠷᠠᠴᠨ ᠲᠠᠢ ᠭᠤᠤᠯᠳᠡᠮᠦᠷ  2008 ᠤᠨ ᠳᠤ ᠠᠦ᠋ᠰᠲᠷᠢᠯᠢᠶ᠎ᠠ ᠠᠴᠠ 20 ᠲᠤᠯᠤᠭᠠᠢ ᠰᠠᠶᠢᠨ ᠡᠬᠦᠯᠳᠡᠷ ᠤᠨ ᠰᠢᠮᠧᠨᠲ᠋ᠠᠷ ᠦᠬᠡᠷ ᠢ 36 ᠲᠦᠮᠡᠨ ᠲᠦᠬᠦᠷᠢᠭ ᠢᠶᠠᠷ ᠬᠤᠳᠡᠯᠳᠤᠨ ᠠᠪᠤᠬᠰᠡᠨ ᠪᠠᠶᠢᠨ᠎ᠠ᠃ ᠲᠤᠬᠠᠢ ᠶᠢᠨ ᠦᠶ᠎ᠡ ᠳᠤ ᠪᠠᠷᠠᠭᠤᠨ ᠦᠵᠦᠮᠦᠴᠢᠨ ᠬᠤᠰᠢᠭᠤᠨ   ᠤ ᠵᠠᠰᠠᠭ ᠤᠨ ᠤᠷᠳᠤᠨ ᠠᠴᠠ ᠮᠠᠯᠴᠢᠤᠨ ᠢ ᠵᠤᠷᠢᠭᠵᠢᠭᠤᠯᠤᠨ᠂  ᠰᠢᠯᠢᠳᠡᠭ ᠡᠬᠦᠯᠳᠡᠷ ᠤᠨ ᠦᠬᠡᠷ ᠬᠤᠳᠡᠯᠳᠤᠨ ᠠᠪᠤᠪᠡᠯ ᠨᠢᠬᠡ ᠦᠬᠡᠷ ᠳᠤ 6000 ᠮᠢᠩᠭᠠᠨ ᠲᠦᠬᠦᠷᠢᠭ ᠤᠨ ᠨᠦᠬᠦᠪᠦᠷᠢ ᠮᠦᠡᠭᠬᠦ ᠦᠭᠵᠦ᠂ ᠰᠠᠶᠢᠨ ᠡᠬᠦᠯᠳᠡᠷ ᠤᠨ ᠦᠬᠡᠷ ᠮᠠᠯᠵᠢᠬᠤ ᠶᠢ ᠵᠤᠷᠢᠬᠵᠢᠭᠤᠯᠵᠦ᠂ ᠨᠤᠳᠤᠭ ᠪᠡᠯᠴᠢᠬᠡᠷ ᠤᠨ ᠲᠠᠷᠤᠭᠠᠰᠤ ᠶᠢ ᠬᠦᠩᠭᠡᠯᠡᠵᠦ᠂ ᠨᠤᠳᠤᠭ ᠪᠡᠯᠴᠢᠬᠡᠷ ᠤᠨ ᠲᠡᠩᠴᠡᠬᠦᠷᠢ ᠶᠢ ᠪᠠᠳᠤᠯᠠᠵᠦ ᠴᠢᠳᠠᠬᠰᠡᠨ ᠪᠠᠶᠢᠨ᠎ᠠ᠃     ᠭᠤᠣᠯᠳᠡᠮᠦᠷ ᠤᠨ ᠬᠢ ᠵᠢᠯ ᠳᠡᠭᠡᠨ ᠡᠪᠡᠰᠦ ᠪᠤᠷᠳᠤᠭ᠎ᠠ ᠪᠠᠨ ᠬᠦᠢᠴᠡᠤᠨ ᠪᠡᠯᠡᠳᠭᠡᠵᠦ᠂ ᠵᠤᠨ ᠤ ᠤᠯᠠᠷᠢᠯ ᠳᠤ ᠲᠤᠭᠤᠯ  ᠢᠶᠠᠨ ᠤᠷᠤᠭᠤᠯᠵᠦ ᠪᠤᠳᠤᠭᠠᠤᠨ 200 ᠭᠠᠷᠤᠢ  ᠲᠣᠯᠣᠭᠠᠢ ᠮᠠᠯᠵᠢᠵᠦ ᠪᠠᠶᠢᠳᠠᠭ᠃ ᠦᠢᠷ᠎ᠡ ᠶᠢᠨ ᠬᠤᠶᠡᠷ ᠵᠢᠯ ᠳᠤ 90 ᠭᠠᠷᠤᠢ ᠲᠤᠭᠤᠯ ᠲᠤᠰᠴᠦ ᠪᠤᠶᠢᠵᠢᠭᠤᠯᠵᠦ᠂ ᠨᠠᠮᠤᠷ ᠤᠨ ᠰᠡᠬᠦᠯᠴᠢ ᠳᠤ 70 ᠭᠠᠷᠤᠢ ᠲᠤᠭᠤᠯ᠂ ᠲᠠᠷᠭᠤ ᠬᠦᠴᠦ ᠪᠠᠷ ᠠᠨᠠᠢ ᠡᠬᠡ ᠮᠠᠯ   ᠢᠶᠠᠨ ᠬᠤᠳᠡᠯᠳᠤᠵᠦ ᠵᠠᠷᠤᠴᠠᠭᠤᠯᠳᠠᠭ᠃ ᠡᠪᠦᠯ ᠤᠨ ᠤᠯᠠᠷᠢᠯ ᠳᠤ 100 ᠭᠠᠷᠤᠢ ᠤᠡᠳᠤᠷᠤᠬᠤ ᠡᠬᠡ ᠮᠠᠯ ᠦᠯᠡᠳᠡᠭᠡᠵᠦ᠂ ᠦᠬᠡᠷ ᠤᠨ   ᠢᠶᠠᠨ ᠪᠤᠳᠠᠭᠠᠯᠢ ᠪᠡᠶ᠎ᠡ ᠳᠤ ᠵᠤᠬᠢᠴᠠᠭᠤᠯᠤᠨ᠂  ᠠᠷᠠᠴᠢᠯᠠᠭ᠎ᠠ ᠲᠡᠵᠢᠭᠡᠯ ᠪᠠᠨ ᠲᠣᠬᠢᠷᠠᠭᠤᠯᠳᠠᠭ ᠪᠠᠶᠢᠨ᠎ᠠ᠃ ᠲᠡᠷᠡ ᠬᠡᠯᠡᠬᠦ ᠳᠡᠭᠡᠨ  ︿ ᠦᠢᠷ᠎ᠠ ᠶᠢᠨ ᠬᠤᠶᠡᠷ ᠵᠢᠯ ᠳᠤ ᠦᠬᠡᠷ ᠤᠨ ᠦᠨ᠎ᠠ ᠬᠡᠳᠦᠶᠢᠪᠡᠷ ᠪᠠᠭᠤᠷᠡᠬᠰᠡ ᠪᠤᠯᠪᠠᠴᠦ᠂ ᠮᠢᠨᠤ ᠲᠤᠭᠤᠯ ᠲᠡᠭᠰᠢᠤᠡᠬᠡᠬᠡᠤᠨ 1 ᠲᠦᠮᠡᠨ ᠲᠦᠬᠦᠷᠢᠭ  ᠲᠤ ᠬᠦᠷᠴᠦ᠂ ᠡᠨᠡ ᠨᠢ ᠪᠤᠰᠤᠤᠨ ᠦᠬᠡᠷ ᠠᠴᠠ ᠢᠯᠡᠬᠦᠦ 2000 — 3000 ᠭᠠᠷᠤᠢ ᠲᠦᠬᠦᠷᠢᠭ ᠬᠤᠳᠡᠯᠳᠤᠵᠦ ᠪᠠᠶᠢᠳᠠᠭ᠃ ᠨᠢᠬᠡ ᠪᠦᠯᠦᠭ ᠡᠷ᠎ᠡ ᠲᠤᠭᠤᠯ ᠢᠶᠠᠨ ᠦᠷ᠎ᠡ ᠶᠢᠨ ᠮᠠᠯ ᠢᠶᠠᠷ ᠵᠠᠷᠤᠴᠠᠭᠤᠯᠳᠠᠭ﹀  ᠭᠡᠯ᠎ᠡ᠃ ᠲᠡᠷᠡ ᠦᠬᠡᠷ ᠤᠨ ᠢᠶᠠᠨ ᠡᠬᠦᠯᠳᠡᠷ ᠤᠨ ᠴᠢᠨᠡᠷᠵᠢᠯ ᠢ ᠪᠠᠳᠤᠯᠠᠬᠤ ᠶᠢᠨ ᠲᠦᠯᠦᠬᠡ ᠦᠪᠡᠷᠳᠡᠬᠡᠨ ᠬᠡᠬᠡᠯᠳᠦᠬᠦᠯᠬᠡ ᠶᠢᠨ ᠮᠡᠷᠬᠡᠵᠢᠯ ᠢ ᠰᠤᠷᠴᠦ᠂ ᠰᠢᠯᠢᠳᠡᠭ ᠡᠬᠦᠯᠳᠡᠷ ᠤᠨ ᠦᠬᠡᠷ ᠮᠠᠯᠵᠢᠬᠤ ᠳᠤ   ᠪᠠᠨ ᠨᠡᠩ ᠲᠦᠬᠦᠮ ᠪᠤᠯᠤᠬᠰᠡᠨ ᠪᠠᠶᠢᠨ᠎ᠠ᠃     ᠰᠠᠭᠤᠷᠢ ᠪᠦᠳᠦᠬᠡᠨ ᠪᠠᠶᠢᠭᠤᠯᠤᠯᠳᠡ ᠶᠢ ᠰᠠᠶᠢᠵᠢᠷᠠᠭᠤᠯᠪᠠ     ᠰᠢᠯᠢᠳᠡᠭ ᠡᠬᠦᠯᠳᠡᠷ ᠤᠨ ᠦᠬᠡᠷ ᠮᠠᠯᠵᠢᠬᠤ ᠳᠤ ᠵᠠᠪᠠᠯ ᠰᠠᠭᠤᠷᠢ ᠪᠦᠳᠦᠬᠡᠨ ᠪᠠᠶᠢᠭᠤᠯᠤᠯᠳᠡ ᠶᠢ ᠰᠠᠶᠢᠵᠢᠷᠠᠭᠤᠯᠬᠤ ᠬᠡᠷᠡᠭᠳᠡᠢ᠃ ᠲᠡᠷᠡ ᠨᠡᠯᠢᠶᠡᠤᠨ ᠪᠡᠯᠡ ᠮᠦᠡᠭᠬᠦ ᠵᠠᠷᠤᠴᠠᠭᠤᠯᠤᠨ᠂ 800 ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠪᠦᠬᠦ ᠦᠬᠡᠷ ᠢᠶᠠᠨ ᠬᠤᠷᠢᠬᠤ ᠶᠡᠭᠡ ᠫᠸᠡᠭ ᠰᠠᠷᠠᠪᠴᠢ᠂ 500 ᠲᠡᠭᠰᠢ ᠲᠦᠷᠪᠡᠯᠵᠢᠨ ᠮᠧᠲᠷ ᠤᠨ ᠲᠠᠯᠠᠪᠠᠢ ᠲᠠᠢ ᠡᠬᠡ ᠮᠠᠯ ᠬᠤᠷᠢᠬᠤ ᠳᠤᠯᠠᠭᠠᠨ ᠲᠤᠮᠳᠡ ᠬᠡᠯᠪᠡᠷᠢ ᠶᠢᠨ ᠫᠸᠡᠭ᠂ 300 ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠲᠤᠭᠤᠯ ᠬᠤᠷᠢᠬᠤ ᠲᠤᠯᠠᠭᠠᠨ ᠫᠸᠡᠭ᠂ 200 ᠲᠡᠭᠰᠢ ᠲᠦᠷᠪᠡᠯᠵᠢᠨ ᠮᠧᠲᠷ ᠤᠨ ᠲᠠᠯᠠᠪᠠᠢ ᠲᠠᠢ ᠮᠠᠰᠢᠨ ᠲᠤᠨᠤᠭ ᠲᠦᠬᠦᠬᠡᠷᠤᠮᠵᠢ ᠬᠢᠬᠦ ᠪᠠᠭ᠎ᠠ ᠬᠡᠯᠪᠡᠷᠢ ᠶᠢᠨ ᠲᠤᠯᠠᠭᠠᠨ ᠫᠸᠡᠭ ᠬᠡᠵᠦ 4 ᠬᠤᠪᠢᠶᠠᠵᠦ ᠪᠦᠳᠦᠬᠡᠨ ᠪᠠᠶᠢᠭᠤᠯᠵᠦ᠂ ᠡᠪᠡᠰᠦ ᠬᠠᠳᠠᠭᠠᠯᠠᠬᠤ ᠫᠸᠡᠭ᠂ ᠴᠬᠢᠯᠭᠠᠨ ᠬᠤᠤᠡᠳᠤᠭ᠂ ᠡᠪᠡᠰᠦ ᠬᠠᠳᠤᠵᠦ ᠬᠠᠮᠤᠬᠤ ᠮᠠᠰᠢᠨ᠂ ᠡᠪᠡᠰᠦ ᠪᠤᠷᠳᠤᠭ᠎ᠠ ᠲᠡᠬᠡᠬᠡᠪᠦᠷᠢᠯᠡᠬᠦ ᠠᠴᠢᠶᠠᠨ ᠤ ᠮᠠᠰᠢᠨ ᠢᠵᠢ ᠪᠦᠷᠢᠨ ᠪᠠᠶᠢᠵᠦ᠂ ᠰᠠᠭᠤᠷᠢ ᠪᠦᠳᠦᠬᠡᠨ ᠪᠠᠶᠢᠭᠤᠯᠤᠯᠳᠡ ᠶᠢ ᠪᠦᠷᠢᠡᠰᠢᠬᠦᠯᠵᠦ ᠴᠢᠳᠠᠬᠰᠡᠨ ᠪᠠᠶᠢᠨ᠎ᠠ᠃          ᠵᠢᠱᠢᠶᠡᠴᠢ ᠮᠠᠯᠴᠢᠨ ᠪᠤᠯᠤᠬᠰᠡᠨ ᠬᠤᠪᠢ ᠬᠦᠮᠦᠨ ᠤ ᠴᠠᠷᠮᠠᠶᠢᠯᠭ᠎ᠠ      ᠴᠢᠷᠮᠠᠶᠢᠯᠭ᠎ᠠ ᠬᠦᠮᠦᠨ ᠢ ᠭᠤᠮᠤᠳᠠᠭᠠᠳᠠᠭ ᠦᠬᠡᠢ ᠬᠡᠳᠡᠭ ᠢᠶᠠᠷ ᠭᠤᠤᠯᠳᠡᠮᠦᠷ ᠦᠬᠡᠷ ᠤᠨ ᠡᠬᠦᠯᠳᠡᠷ ᠰᠠᠶᠢᠵᠢᠷᠠᠭᠤᠯᠬᠤ ᠴᠢᠬᠤᠯᠡ ᠴᠢᠨᠡᠷ ᠢ ᠬᠦᠢᠴᠠᠤᠨ ᠲᠠᠨᠢᠵᠦ᠂ ᠴᠠᠭ ᠦᠶ᠎ᠡ ᠶᠢᠨ ᠵᠠᠬ᠎ᠠ ᠲᠡᠯᠬᠡᠬᠦᠷ ᠲᠤ ᠵᠤᠬᠢᠴᠠᠭᠤᠯᠤᠨ᠂ ᠦᠡᠳᠦᠷ ᠠᠰᠢᠬᠳᠦ ᠮᠠᠯ ᠮᠠᠯᠵᠢᠬᠤ ᠠᠷᠭ᠎ᠠ ᠲᠤᠷᠰᠢᠯᠭ᠎ᠠ ᠲᠠᠢ᠃ 2023 ᠤᠨ ᠳᠤ ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠤᠨ ᠭᠤᠤᠯᠳᠡᠯᠭᠠᠳᠦ ᠰᠦᠷᠦᠭ ᠢ ᠬᠢᠨᠡᠨ ᠵᠦᠪᠰᠢᠶᠡᠷᠡᠭᠰᠡᠨ ᠦᠨᠡᠮᠯᠡᠯ ᠤᠯᠵᠦ᠂ 2023 ᠤᠨ ᠳᠤ ᠰᠢᠯᠢ ᠶᠢᠨ ᠭᠤᠤᠯ ᠠᠶᠢᠮᠠᠭ  ᠤᠨ ᠲᠠᠷᠢᠶᠠᠯᠡᠩ ᠮᠠᠯ ᠠᠵᠦ ᠠᠬᠤᠢ ᠶᠢᠨ ᠲᠤᠪᠴᠢᠶᠠᠨ ᠤ ᠨᠡᠶᠢᠳᠡᠯᠢᠭ ᠵᠢᠱᠢᠶ᠎ᠡ ᠦᠵᠡᠬᠦᠯᠬᠦ ᠬᠡᠷ ᠪᠦᠯᠢ ᠶᠢᠨ ᠮᠠᠯᠵᠢᠯ ᠤᠨ ᠲᠠᠯᠠᠪᠠᠢ ᠪᠠᠶᠢᠭᠤᠯᠵᠦ᠂  ᠪᠠᠷᠠᠭᠤᠨ ᠦᠵᠦᠮᠦᠴᠢᠨ ᠬᠤᠰᠢᠭᠤᠨ ᠤ 2022 ᠤᠨ ᠤ ᠰᠢᠯᠢᠳᠡᠭ ᠡᠬᠦᠯᠳᠡᠷ ᠤᠨ ᠮᠢᠬᠠᠨ ᠤ ᠦᠬᠡᠷ ᠢ ᠠᠳᠠᠯᠢᠤᠬᠠᠨ ᠰᠢᠯᠭᠠᠷᠠᠭᠤᠯᠬᠤ ᠰᠤᠯᠢᠯᠴᠠᠭᠠᠨ ᠤ ᠤᠷᠤᠯᠳᠤᠭᠠᠨ ᠳᠤ ᠪᠠᠶᠢᠭᠠᠯᠢᠯᠢᠭ ᠬᠡᠬᠡᠯᠳᠦᠬᠦᠯᠬᠡ ᠶᠢᠨ ᠡᠷ᠎ᠡ ᠲᠤᠭᠤᠯ ᠨᠢ ᠬᠤᠶᠠᠳᠤᠭᠠᠷ ᠲᠡᠰ ᠲᠤ᠂ ᠦᠬᠢᠨ ᠲᠤᠭᠤᠯ ᠨᠢ ᠨᠢᠬᠡᠳᠦᠬᠡᠷ ᠲᠡᠰ ᠲᠤ ᠤᠷᠤᠵᠦ᠂ 2023 ᠤᠨ ᠤ ᠬᠤᠰᠢᠭᠤᠨ ᠤ ᠪᠠᠨ ᠠᠷᠪᠠᠨ ᠲᠦᠷᠪᠡᠳᠦᠬᠡᠷ ᠤᠳᠠᠭᠠᠨ ᠤ ᠠᠷᠠᠤᠨ ᠤᠨ ᠶᠡᠭᠡ ᠨᠠᠶᠢᠷ ᠤᠨ ᠦᠨᠢᠷ ᠰᠦᠷᠦᠭ ᠤᠨ ᠰᠢᠯᠭᠠᠷᠠᠭᠤᠯᠤᠯᠳᠡ ᠳᠤ ᠪᠠᠶᠢᠭᠠᠯᠢᠯᠢᠭ ᠬᠡᠬᠡᠯᠳᠦᠬᠦᠯᠬᠡ ᠶᠢᠨ ᠰᠢᠮᠧᠨ᠋ᠲ᠋ᠡᠷ ᠡᠷ᠎ᠡ ᠲᠤᠭᠤᠯ ᠤᠨ ᠭᠤᠷᠪᠠᠳᠤᠭᠠᠷ ᠲᠡᠰ ᠲᠤ᠂ ᠦᠬᠢᠨ ᠲᠤᠭᠤᠯ   ᠨᠢ ᠨᠢᠬᠡᠳᠦᠬᠡᠷ ᠲᠡᠰ ᠲᠤ ᠤᠷᠤᠵᠦ  ᠂ ᠰᠢᠯᠢ ᠶᠢᠨ ᠭᠤᠤᠯ ᠠᠶᠢᠮᠠᠭ ᠤᠨ 19  ᠳ᠋ᠣᠭᠡᠷ ᠬᠤᠭᠤᠴᠠᠭᠠᠨ ᠤ ᠦᠨᠢᠷ ᠰᠦᠷᠦᠭ ᠤᠨ ᠰᠢᠯᠭᠠᠷᠠᠭᠤᠯᠤᠯᠳᠡ ᠳᠤ ᠭᠤᠷᠪᠠᠳᠣᠭᠠᠷ ᠲᠡᠰ ᠤᠨ ᠱᠠᠩᠨᠠᠯ ᠢ ᠬᠦᠷᠳᠡᠵᠦ᠂  ᠲᠡᠭᠦᠨ ᠤ ᠬᠦᠳᠡᠯᠮᠦᠷᠢ ᠵᠢᠳᠬᠦᠯ ᠤᠨ ᠬᠢᠨᠢ ᠦᠨᠡᠯᠡᠯᠲᠡ ᠪᠣᠯᠣᠭᠰᠠᠨ ᠪᠠᠶᠢᠨ᠎ᠠ︔
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号