ᠡᠨᠡ ᠵᠢᠯ ᠤᠨ ᠲᠤᠷᠰᠢ᠂ ᠰᠢᠯᠢ ᠶᠢᠨ ᠭᠤᠣᠯ ᠤᠨ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ︽ᠠᠵᠢᠯ ᠤᠨ ᠰᠤᠷᠲᠠᠯ ᠢᠶᠠᠨ ᠰᠠᠶᠢᠵᠢᠷᠠᠭᠤᠯᠵᠣ᠂ ᠶᠠᠰᠤ ᠴᠢᠨᠠᠷ ᠦᠷ᠎ᠡ ᠠᠰᠢᠭ ᠶᠢ ᠳᠡᠭᠡᠭᠰᠢᠯᠡᠭᠦᠯᠵᠤ ᠂ | ᠬᠥᠭᠵᠢᠯᠲᠡ ᠶᠢ ᠠᠬᠢᠭᠤᠯᠬᠤ︾ ᠲᠤᠰᠬᠠᠢ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠷᠢᠭᠤᠴᠠᠯᠭᠠᠲᠤ | ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠷᠭᠦᠯᠵᠢᠯᠡᠨ ᠴᠢᠩᠭᠠᠳᠬᠠᠵᠤ᠂ ᠣᠶᠤᠨ ᠴᠢᠳᠠᠯ ᠢᠶᠠᠨ | ᠬᠤᠳᠠᠯᠳᠤᠭᠠᠴᠢᠨ ᠤᠷᠢᠬᠤ᠂ ᠪᠣᠳᠠᠲᠠᠶᠢᠵᠢᠭᠤᠯᠬᠤ᠂ ᠦᠷ᠎ᠡ ᠪᠦᠲᠦᠮᠵᠢ ᠣᠯᠬᠤ ᠳᠡᠭᠡᠷ᠎ᠡ ᠲᠥᠪᠯᠡᠷᠡᠭᠦᠯᠵᠦ᠂ | ᠬᠦᠴᠦᠨ ᠢᠶᠠᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠲᠡᠭᠦᠯᠳᠡᠷᠵᠢᠭᠦᠯᠬᠦ ᠳᠡᠭᠡᠷ᠎ᠡ ᠲᠠᠯᠪᠢᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠮᠦᠨ᠎ᠡ ᠨᠢ | ᠦᠢᠯᠡᠴᠢᠯᠡᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠦᠢᠯᠡᠴᠢᠯᠡᠭᠡᠨ ᠤ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠠᠢ᠃ | ᠠᠵᠤ ᠦᠢᠯᠡᠰ ᠤᠨ ᠤᠳᠤᠷᠢᠳᠤᠮᠵᠢ ᠶᠢ ᠳᠣᠪᠤᠶᠢᠯᠭᠠᠵᠤ᠂ ᠲᠥᠷᠥᠯ ᠵᠦᠢᠯ ᠤᠨ ᠲᠥᠯᠦᠪᠵᠢᠭᠦᠯᠭᠡ ᠶᠢ | ᠴᠢᠩᠭ᠎ᠠ ᠠᠳᠬᠤᠨ᠎ᠠ᠃ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠪᠠ | ᠬᠥᠭᠵᠢᠯᠲᠡ ᠶᠢᠨ ᠴᠢᠭᠯᠡᠯ ᠲᠠᠢ ᠨᠢᠭᠲᠠ ᠤᠶᠠᠯᠳᠤᠭᠤᠯᠤᠨ᠂ ᠳᠡᠭᠡᠳᠦ ᠱᠠᠲᠤᠨ ᠤ ᠠᠵᠤ ᠦᠢᠯᠡᠰ ᠤᠨ ᠲᠥᠷᠥ ᠶᠢᠨ | ᠪᠣᠳᠣᠯᠭ᠎ᠠ ᠪᠣᠯᠣᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠠᠵᠤ ᠦᠢᠯᠡᠰ ᠤᠨ ᠲᠥᠷᠥᠯ ᠵᠦᠢᠯ ᠤᠨ | ᠬᠡᠯᠬᠢᠶᠡᠵᠢᠯ ᠢ ᠤᠷᠲᠤᠳᠬᠠᠵᠤ ᠬᠡᠯᠬᠢᠶᠡᠵᠢᠯ ᠢ ᠨᠥᠬᠦᠪᠦᠷᠢᠯᠡᠵᠦ ᠬᠡᠯᠬᠢᠶᠡᠵᠢᠯ ᠢ ᠴᠢᠩᠭᠠᠳᠬᠠᠬᠤ ᠶᠢ ᠴᠢᠬᠤᠯᠠᠴᠢᠯᠠᠵᠤ᠂ | ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠥᠷᠥᠯ ᠵᠦᠢᠯ ᠢ | ᠤᠷᠢᠳᠴᠢᠯᠠᠨ ᠲᠥᠯᠥᠪᠯᠡᠬᠦ ᠶᠢ ᠢᠳᠡᠪᠬᠢᠲᠡᠢ ᠥᠷᠨᠢᠭᠦᠯᠦᠨ᠂ ᠡᠯ᠎ᠡ ᠰᠠᠯᠠᠭ᠎ᠠ ᠮᠥᠴᠢᠷ ᠯᠦᠭᠡ ᠦᠷᠭᠦᠯᠵᠢ | ᠨᠡᠪᠲᠡᠷᠡᠯᠴᠡᠨ ᠵᠣᠯᠭᠠᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠭᠤᠭᠴᠤᠭ᠎ᠠ ᠨᠢᠭᠡᠪᠦᠷᠢ᠂ ᠬᠢᠨᠠᠨ ᠵᠥᠪᠰᠢᠶᠡᠷᠡᠬᠦ ᠭᠠᠷᠳᠠᠮ ᠨᠢᠭᠡᠪᠦᠷᠢ᠂ ᠪᠦᠲᠦᠭᠡᠨ | ᠪᠠᠶᠢᠭᠤᠯᠤᠯᠲᠠ ᠶᠢᠨ ᠠᠭᠤᠯᠭ᠎ᠠ ᠨᠢᠭᠡᠪᠦᠷᠢ ᠶᠢ ᠠᠵᠢᠯ ᠤᠨ ᠡᠬᠡ ᠲᠠᠩᠰᠠᠨ ᠳᠤ ᠵᠢᠭᠰᠠᠭᠠᠨ ᠣᠷᠣᠭᠤᠯᠵᠤ᠂ ᠪᠡᠶᠡᠯᠡᠭᠦᠯᠬᠦ | ᠴᠠᠭ ᠤᠨ ᠬᠢᠵᠠᠭᠠᠷ ᠢ ᠬᠢᠵᠠᠭᠠᠷᠯᠠᠨ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠣᠭᠰᠠᠨ | ᠪᠠᠶᠢᠨ᠎ᠠ᠃ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠶᠢ ᠨᠠᠶᠢᠳᠠᠪᠤᠷᠢᠵᠢᠭᠤᠯᠤᠨ᠎ᠠ᠃ | ᠴᠢᠬᠤᠯᠠ ᠶᠡᠭᠡ ᠲᠥᠷᠥᠯ ᠵᠦᠢᠯ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠬᠦ ᠶᠢ | ᠦᠷᠭᠦᠯᠵᠢᠯᠡᠨ ᠠᠬᠢᠭᠤᠯᠵᠤ᠂ ᠭᠠᠷᠠᠭ ᠤᠨ ᠡᠭᠡᠯᠵᠢᠲᠦ ᠬᠤᠷᠠᠯ ᠤᠨ ᠲᠣᠬᠢᠷᠠᠭᠤᠯᠬᠤ ᠳᠦᠷᠢᠮ ᠢ ᠬᠡᠷᠡᠭᠵᠢᠭᠦᠯᠵᠦ᠂ | ᠲᠦᠷᠦᠯ ᠵᠦᠢᠯ ᠳᠠᠷᠠᠭᠠᠯᠠᠨ ᠲᠤᠰᠬᠠᠢ ᠠᠩᠭᠢ ᠪᠠᠶᠢᠭᠤᠯᠤᠨ ᠠᠬᠢᠭᠤᠯᠵᠤ᠂ ᠬᠦᠷᠢᠶᠡᠯᠡᠩ ᠲᠣᠭᠤᠷᠢᠭ ᠤᠨ | ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠪᠠ ᠪᠠᠶᠢᠭᠤᠯᠵᠤ ᠪᠠᠶᠢᠭ᠎ᠠ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ | ᠪᠦᠬᠦ ᠲᠠᠯ᠎ᠠ ᠪᠠᠷ ᠰᠤᠳᠤᠯᠤᠨ ᠮᠠᠭᠠᠳᠯᠠᠵᠤ᠂ ᠭᠠᠵᠠᠷ ᠰᠢᠷᠣᠢ᠂ ᠣᠷᠴᠢᠨ ᠠᠬᠤᠢ ᠶᠢᠨ ᠨᠥᠯᠥᠭᠡᠯᠡᠯ ᠤᠨ ᠦᠨᠡᠯᠡᠯᠲᠡ᠂ | ᠲᠥᠯᠦᠪᠵᠢᠭᠦᠯᠭᠡ ᠵᠡᠷᠭᠡ ᠭᠠᠷ ᠭᠦᠢᠴᠡᠳᠬᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠢᠴᠡᠳᠬᠡᠬᠦ ᠡᠷᠴᠢᠮ ᠢᠶᠠᠨ | ᠴᠢᠩᠭᠠᠷᠠᠭᠤᠯᠤᠨ᠂ ᠭᠦᠢᠴᠡᠳᠬᠡᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠲᠦᠷᠦᠯ ᠵᠦᠢᠯ ᠳᠤ ᠣᠷᠣᠰᠢᠵᠤ | ᠪᠠᠶᠢᠭ᠎ᠠ ᠠᠰᠠᠭᠤᠳᠠᠯ ᠳᠤ ᠬᠠᠷᠢᠭᠤᠴᠠᠯᠭ᠎ᠠ ᠶᠢᠨ ᠭᠤᠣᠯ ᠴᠣᠭᠴᠠ᠂ ᠭᠦᠢᠴᠡᠳᠬᠡᠵᠦ ᠳᠠᠭᠤᠰᠬᠠᠬᠤ ᠴᠠᠭ ᠤᠨ | ᠬᠢᠵᠠᠭᠠᠷ ᠢ ᠲᠣᠳᠣᠷᠬᠠᠶᠢᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢ | ᠬᠠᠮᠠᠭᠠᠯᠠᠵᠤ ᠪᠠᠶᠢᠨ᠎ᠠ᠃ | ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠰᠠᠶᠢᠲᠣᠷ ᠦᠢᠯᠡᠴᠢᠯᠡᠨ᠎ᠡ᠃ | ᠲᠦᠷᠦᠯ ᠵᠦᠢᠯ ᠢ ᠠᠬᠢᠭᠤᠯᠬᠤ ᠲᠥᠯᠥᠪᠯᠡᠭᠡ ᠶᠢ ᠴᠢᠩᠭ᠎ᠠ ᠠᠩᠬᠠᠷᠴᠤ᠂ ᠡᠯ᠎ᠡ ᠭᠤᠭᠴᠤᠭ᠎ᠠ ᠶᠢᠨ ᠮᠥᠷᠳᠡᠨ | ᠦᠢᠯᠡᠴᠢᠯᠡᠬᠦ ᠶᠢ ᠴᠢᠩᠭᠠᠳᠬᠠᠵᠤ᠂ ᠨᠡᠭᠡᠭᠡᠨ ᠬᠥᠭᠵᠢᠭᠦᠯᠬᠦ ᠣᠷᠣᠨ ᠤ ᠭᠤᠣᠯ ᠤᠳᠤᠷᠢᠳᠤᠯᠭ᠎ᠠ ᠡᠯ᠎ᠡ ᠰᠠᠯᠠᠭ᠎ᠠ | ᠮᠥᠴᠢᠷ ᠢ ᠳᠠᠭᠠᠭᠤᠯᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠪᠠᠶᠢᠩᠭᠤ ᠶᠢᠨ ᠴᠢᠨᠠᠷᠲᠠᠢ ᠭᠦᠨᠵᠡᠭᠡᠶᠢᠷᠡᠬᠦ ᠶᠢ | ᠪᠠᠷᠢᠮᠲᠠᠯᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠢᠭᠤᠷᠲᠠᠨ ᠣᠶᠢᠯᠠᠭᠠᠵᠤ᠂ ᠪᠣᠳᠠᠲᠠᠢ ᠠᠰᠠᠭᠤᠳᠠᠯ ᠢ | ᠪᠡᠶ᠎ᠡ ᠪᠠᠷ ᠢᠶᠠᠨ ᠬᠠᠪᠰᠤᠷᠤᠨ ᠰᠢᠢᠳᠪᠦᠷᠢᠯᠡᠵᠦ᠂ ᠨᠡᠭᠡᠭᠡᠯᠲᠡ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠨᠢ ᠭᠤᠣᠯᠳᠠᠯᠭ᠎ᠠ ᠲᠠᠢ ᠲᠥᠷᠥᠯ ᠵᠦᠢᠯ ᠳᠤ ᠰᠠᠨᠠᠭᠠᠴᠢᠯᠠᠭ᠎ᠠ ᠠᠴᠠ ᠪᠠᠨ ᠪᠠᠶᠢᠩᠭᠤᠵᠢᠭᠰᠠᠨ | ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠢ | ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠳᠤ ᠪᠥᠬᠦ ᠶᠠᠪᠤᠴᠠ ᠶᠢᠨ ︽ᠠᠰᠠᠷᠠᠭᠴᠢ ᠮᠠᠶ᠋ᠢᠭ︾ ᠤᠨ ᠦᠢᠯᠡᠴᠢᠯᠡᠭᠡ | ᠬᠠᠩᠭᠠᠪᠠ᠃ | |