ᠪᠠᠷᠠᠭᠤᠨ ᠦᠵᠦᠮᠦᠴᠢᠨ ᠬᠤᠰᠢᠭᠤᠨ ᠤ ︽ᠰᠤᠷᠲᠠᠯ ᠢ ᠰᠠᠶᠢᠵᠢᠷᠠᠭᠤᠯᠵᠤ᠂ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠠᠵᠢᠯᠯᠠᠭ᠎ᠠ ᠡᠬᠢᠯᠡᠭᠰᠡᠨ ᠠᠴᠠ ᠨᠠᠰᠢ᠂ ᠰᠤᠷᠲᠠᠯ ᠢ | ᠰᠠᠶᠢᠵᠢᠷᠠᠭᠤᠯᠬᠤ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ︾ ᠠᠵᠢᠯᠯᠠᠭ᠎ᠠ ᠳᠤ ᠪᠥᠬᠦ ᠬᠤᠰᠢᠭᠤᠨ ᠤ 64 ᠨᠢᠭᠡᠴᠡ᠂ 4376 ᠠᠯᠪᠠᠨ ᠲᠤᠰᠢᠶᠠᠯᠲᠠᠨ | ᠣᠷᠣᠯᠴᠠᠵᠤ᠂ ᠲᠣᠰ ᠲᠤᠰᠬᠠᠢ ᠠᠵᠢᠯᠯᠠᠭ᠎ᠠ ᠨᠢ ᠰᠤᠷᠲᠠᠯ ᠢ ᠰᠠᠶᠢᠵᠢᠷᠠᠭᠤᠯᠬᠤ ᠠᠵᠢᠯ ᠤᠨ ᠥᠷᠨᠢᠯᠲᠡ ᠶᠢ ᠪᠣᠢ | ᠪᠣᠯᠭᠠᠭᠰᠠᠨ ᠢᠶᠠᠷ ᠪᠠᠷᠠᠬᠤ ᠦᠭᠡᠢ ᠨᠠᠩ ᠴᠤ ᠴᠢᠨᠠᠷ ᠰᠠᠶᠢᠲᠠᠢ ᠬᠥᠭᠵᠢᠯᠲᠡ ᠶᠢᠨ ︽ᠠᠬᠢᠭᠤᠯᠤᠭᠴᠢ︾ ᠶᠢᠨ | ᠦᠢᠯᠡᠳᠦᠯ ᠢ ᠭᠠᠷᠭᠠᠭᠰᠠᠨ ᠪᠠᠶᠢᠨ᠎ᠠ᠃ | ᠲᠤᠰᠬᠠᠢ ᠠᠵᠢᠯᠯᠠᠭ᠎ᠠ ᠡᠬᠢᠯᠡᠮᠡᠭᠴᠡ ᠪᠠᠷᠠᠭᠤᠨ ᠦᠵᠦᠮᠦᠴᠢᠨ ᠬᠤᠰᠢᠭᠤ ︽ᠬᠢᠲᠤᠭ᠎ᠠ ᠶᠢᠨ ᠢᠷ ᠢ ᠳᠣᠲᠣᠭᠰᠢ | ᠪᠠᠨ ᠬᠠᠨᠳᠤᠭᠤᠯᠬᠤ︾ ᠵᠣᠷᠢᠭ ᠰᠠᠨᠠᠭ᠎ᠠ ᠪᠠᠷ ᠪᠦᠭᠦ ᠬᠤᠰᠢᠭᠤᠨ ᠤ ᠠᠯᠪᠠᠨ ᠲᠤᠰᠢᠶᠠᠯᠲᠠᠳ ᠤᠨ ᠥᠪᠡᠰᠦᠪᠡᠨ | ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠠᠬᠢᠭᠤᠯᠤᠭᠰᠠᠨ ᠪᠠᠶᠢᠨ᠎ᠠ᠃ ᠪᠠᠶᠢᠭᠤᠯᠭ᠎ᠠ ᠨᠢᠭᠡᠴᠡ ᠠᠴᠠ ᠦᠨᠳᠦᠰᠦᠨ | ᠱᠠᠲᠤᠨ ᠳᠤ ᠬᠦᠷᠲᠡᠯ᠎ᠡ᠂ ᠤᠳᠤᠷᠢᠳᠬᠤ ᠺᠠᠳ᠋ᠷ ᠠᠴᠠ ᠡᠩ ᠤᠨ ᠠᠵᠢᠯᠲᠠᠨ ᠠᠵᠢᠯᠴᠢᠨ ᠬᠦᠷᠲᠡᠯ᠎ᠡ᠂ ᠬᠥᠮᠥᠨ ᠪᠦᠬᠦᠨ | ᠣᠷᠣᠯᠴᠠᠵᠤ᠂ ᠬᠥᠮᠥᠨ ᠪᠦᠬᠦᠨ ᠥᠪᠡᠷ ᠤᠨ ᠪᠠᠶᠢᠴᠠᠭᠠᠯᠲᠠ ᠬᠢᠵᠦ᠂ ᠨᠡᠶᠢᠳᠡ 5509 ᠠᠰᠠᠭᠤᠳᠠᠯ ᠢ ᠢᠯᠡᠷᠡᠭᠦᠯᠵᠦ | ᠂ 5555 ᠵᠤᠷᠪᠤᠰ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠪᠠ᠃ ᠠᠵᠢᠯᠯᠠᠭ᠎ᠠ ᠡᠬᠢᠯᠡᠭᠡᠳ | ᠨᠢᠭᠡ ᠰᠠᠷ᠎ᠠ ᠪᠣᠯᠤᠭ᠎ᠠ ᠦᠭᠡᠢ ᠬᠤᠭᠤᠴᠠᠭᠠᠨ ᠳᠤ 1129 ᠠᠰᠠᠭᠤᠳᠠᠯ ᠢ ᠴᠡᠭᠴᠡᠯᠡᠨ ᠥᠭᠡᠷᠡᠴᠢᠯᠡᠵᠦ᠂ ᠴᠡᠭᠴᠡᠯᠡᠨ | ᠰᠠᠶᠢᠵᠢᠷᠠᠭᠤᠯᠤᠭᠰᠠᠨ ᠨᠣᠷᠮ᠎ᠠ ᠨᠢ 20.5% ᠳᠤ ᠬᠦᠷᠴᠡᠢ᠃ | ᠳᠤᠷᠠᠳᠤᠭᠤᠰᠢᠲᠠᠢ ᠵᠦᠢᠯ ᠭᠡᠪᠡᠯ᠂ ᠬᠢᠴᠢᠶᠡᠯ ᠤᠨ ᠪᠠᠭᠰᠢ᠂ ᠡᠮᠦᠨ᠎ᠡ ᠹᠷᠣᠨᠲ ᠤᠨ ᠡᠮᠴᠢ ᠰᠤᠪᠢᠯᠠᠭᠴᠢ ᠵᠡᠷᠭᠡ | ᠣᠨᠴᠠᠭᠠᠶ ᠠᠵᠢᠯ ᠤᠨ ᠪᠠᠶᠢᠷᠢ ᠳᠤ ᠴᠢᠭᠯᠡᠭᠦᠯᠦᠨ᠂ ᠲᠤᠰᠬᠠᠢ ᠠᠵᠢᠯᠯᠠᠭ᠎ᠠ ᠳᠤ ︽ᠤᠳᠤᠷᠢᠳᠬᠤ ᠴᠡᠭ ᠲᠣᠬᠢᠷᠠᠭᠤᠯᠬᠤ | ᠂ ᠣᠯᠠᠨ ᠲᠦᠮᠡᠨ ᠦᠨᠡᠯᠡᠬᠦ︾ ᠵᠡᠷᠭᠡ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠥᠪᠡᠷ ᠢᠶᠠᠨ ᠪᠠᠶᠢᠴᠠᠭᠠᠵᠤ | ᠥᠪᠡᠷ ᠢᠶᠠᠨ ᠵᠠᠯᠠᠷᠠᠭᠤᠯᠬᠤ ᠶᠢ ᠣᠯᠠᠨ ᠲᠦᠮᠡᠨ ᠲᠠᠢ ᠣᠶᠢᠷᠠᠲᠤᠭᠤᠯᠵᠤ᠂ ᠨᠡᠩ ᠰᠠᠶᠢᠨ ᠦᠷ᠎ᠡ ᠪᠦᠲᠦᠮᠵᠢ ᠲᠠᠢ | ᠪᠣᠯᠭᠠᠭᠰᠠᠨ ᠪᠠᠶᠢᠨ᠎ᠠ᠃ ᠡᠶᠢᠮᠦᠷᠬᠦ ︽ᠨᠠᠷᠢᠯᠢᠭ ᠣᠨᠣᠪᠴᠢᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠠᠷᠭ᠎ᠠ | ᠬᠡᠯᠪᠡᠷᠢ ᠨᠢ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠵᠥᠪᠰᠢᠶᠡᠷᠡᠯ ᠢ ᠣᠯᠣᠭᠰᠠᠨ ᠪᠠᠶᠢᠨ᠎ᠠ᠃ | ᠲᠤᠰᠬᠠᠢ ᠠᠵᠢᠯᠯᠠᠭ᠎ᠠ ᠶᠢ ᠡᠷᠬᠡᠪᠰᠢ ᠪᠣᠳᠠᠲᠤ ᠦᠷ᠎ᠡ ᠪᠦᠲᠦᠮᠵᠢ ᠲᠠᠢ ᠪᠣᠯᠭᠠᠬᠤ ᠶᠢ ᠪᠠᠲᠤᠯᠠᠬᠤ ᠶᠢᠨ ᠲᠥᠯᠥᠭᠡ᠂ | ᠪᠠᠷᠠᠭᠤᠨ ᠦᠵᠦᠮᠦᠴᠢᠨ ᠬᠤᠰᠢᠭᠤ ᠣᠯᠠᠨ ᠵᠢᠯᠤᠭᠤᠳᠬᠤ ᠳᠤᠭᠤᠶᠢᠯᠠᠩ ᠪᠠᠶᠢᠭᠤᠯᠤᠨ᠂ ᠡᠯ᠎ᠡ ᠨᠢᠭᠡᠴᠡ ᠳᠤ | ᠭᠦᠨᠵᠡᠭᠡᠶᠢᠷᠡᠨ ᠬᠢᠨᠠᠨ ᠵᠢᠯᠤᠭᠤᠳᠬᠤ ᠠᠵᠢᠯ ᠥᠷᠨᠢᠭᠦᠯᠪᠡ᠃ ᠵᠢᠯᠤᠭᠤᠳᠬᠤ ᠳᠤᠭᠤᠶᠢᠯᠠᠩ ᠨᠢ ᠠᠰᠠᠭᠤᠳᠠᠯ ᠢ | ᠢᠯᠡᠷᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠬᠤ ᠶᠢ ᠶᠡᠬᠡᠪᠡᠷ ᠴᠢᠬᠤᠯᠠᠴᠢᠯᠠᠵᠤ᠂ | ᠡᠯ᠎ᠡ ᠨᠢᠭᠡᠴᠡ ᠶᠢ ᠬᠠᠪᠰᠤᠷᠤᠨ ᠠᠰᠠᠭᠤᠳᠠᠯ ᠤᠨ ᠦᠨᠳᠦᠰᠦ ᠰᠤᠷᠪᠤᠯᠵᠢ ᠶᠢ ᠣᠨᠣᠪᠴᠢᠲᠠᠶ ᠡᠷᠢᠵᠦ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠪᠠ᠃ ᠬᠢᠨᠠᠨ ᠵᠢᠯᠤᠭᠤᠳᠬᠤ ᠳᠤᠭᠤᠶᠢᠯᠠᠩ ᠨᠢ ᠨᠢᠭᠡᠳᠦᠭᠡᠷ | ᠡᠭᠡᠯᠵᠢ ᠶᠢᠨ ᠬᠢᠨᠠᠯᠲᠠ ᠪᠠᠶᠢᠴᠠᠭᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠬᠡᠰᠡᠭ ᠪᠠᠶᠢᠭᠤᠯᠭ᠎ᠠ ᠨᠢᠭᠡᠴᠡ ᠨᠢ ᠲᠤᠰᠬᠠᠢ | ᠠᠵᠢᠯᠯᠠᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠥᠪᠡᠷᠲᠡᠭᠡᠨ ᠪᠠᠶᠢᠴᠠᠭᠠᠵᠤ ᠥᠪᠡᠷᠲᠡᠭᠡᠨ | ᠵᠠᠯᠠᠷᠠᠭᠤᠯᠬᠤ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ᠂ ᠲᠤᠰᠬᠠᠢ ᠰᠡᠳᠦᠪᠲᠦ ᠰᠤᠷᠤᠯᠴᠠᠯᠭ᠎ᠠ ᠶᠢ ᠴᠢᠩᠭ᠎ᠠ | ᠠᠳᠬᠤᠭᠰᠠᠨ ᠦᠭᠡᠢ ᠵᠡᠷᠭᠡ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠣᠯᠵᠤ ᠮᠡᠳᠡᠪᠡ᠃ ᠡᠲᠡᠭᠡᠷ | ᠠᠰᠠᠭᠤᠳᠠᠯ ᠳᠤ ᠴᠢᠭᠯᠡᠭᠦᠯᠦᠨ᠂ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠬᠤᠯᠪᠣᠭᠳᠠᠯ ᠪᠦᠬᠦᠢ ᠨᠢᠭᠡᠴᠡ ᠶᠢ | ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠵᠤ᠂ ᠲᠤᠰᠬᠠᠢ | ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠲᠤᠰᠬᠠᠢ ᠠᠵᠢᠯᠯᠠᠭ᠎ᠠ ᠶᠢ ᠬᠥᠮᠥᠰ ᠲᠤ ᠵᠥᠪ ᠲᠣᠳᠣᠷᠬᠠᠢ ᠭᠦᠨᠵᠡᠭᠡᠢ ᠣᠶᠢᠯᠠᠭᠠᠭᠤᠯᠬᠤ ᠶᠢᠨ ᠲᠤᠰᠠᠳᠠ᠂ | ᠪᠠᠷᠠᠭᠤᠨ ᠦᠵᠦᠮᠦᠴᠢᠨ ᠬᠤᠰᠢᠭᠤ ᠤᠬᠠᠭᠤᠯᠭ᠎ᠠ ᠶᠢᠨ ᠲᠠᠯ᠎ᠠ ᠪᠠᠷ ᠶᠡᠭᠡ ᠬᠦᠴᠦ ᠣᠷᠣᠭᠤᠯᠤᠭᠰᠠᠨ ᠪᠠᠶᠢᠨ᠎ᠠ᠃ 2 | ᠰᠠᠷ᠎ᠠ ᠶᠢᠨ 11 ᠤ ᠡᠳᠦᠷ᠂ ᠲᠤᠰᠬᠠᠢ ᠠᠵᠢᠯᠯᠠᠭ᠎ᠠ ᠶᠢᠨ ᠤᠬᠠᠭᠤᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ | ᠵᠢᠩᠬᠢᠨᠢ ᠪᠠᠷ ᠪᠠᠶᠢᠭᠤᠯᠤᠭᠳᠠᠵᠤ᠂ ᠨᠠᠷᠢᠨ ᠨᠢᠭᠲᠠ ᠤᠬᠠᠭᠤᠯᠭ᠎ᠠ ᠶᠢᠨ ᠲᠥᠰᠥᠯ ᠲᠣᠭᠲᠠᠭᠠᠪᠠ᠃ ᠬᠤᠰᠢᠭᠤ ᠬᠠᠮ | ᠵᠠᠭᠤᠴᠢᠯᠠᠭᠤᠷ ᠤᠨ ᠲᠥᠪ ︽ᠪᠠᠷᠠᠭᠤᠨ ᠦᠵᠦᠮᠦᠴᠢᠨ ᠤ ᠨᠡᠶᠢᠲᠡᠯᠡᠯ︾ ᠸᠢᠴᠠᠲ ᠤᠨ ᠨᠡᠶᠢᠲᠡ ᠶᠢᠨ ᠳ᠋ᠤᠭᠠᠷ᠂ ︽ | ᠲᠠᠩᠰᠤᠭ ᠰᠠᠶᠢᠬᠠᠨ ᠪᠠᠷᠠᠭᠤᠨ ᠦᠵᠦᠮᠦᠴᠢᠨ︾ ᠰᠢᠯᠵᠢᠶ᠎ᠡ ᠲᠠᠪᠴᠠᠩ ᠳᠤ ᠲᠤᠰᠬᠠᠢ ᠪᠤᠯᠤᠩ ᠲᠣᠬᠢᠷᠠᠭᠤᠯᠵᠤ᠂ | ᠭᠠᠷᠠᠭ ᠪᠦᠷᠢ ᠲᠤᠰᠬᠠᠢ ᠰᠡᠳᠦᠪᠲᠦ ᠮᠡᠳᠡᠭᠡᠯᠡᠯ ᠨᠡᠶᠢᠲᠡᠯᠡᠵᠦ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ | ᠨᠢᠭᠡᠴᠡ ᠨᠢ ᠲᠤᠰᠬᠠᠢ ᠠᠵᠢᠯᠯᠠᠭ᠎ᠠ ᠶᠢᠨ ᠲᠤᠬᠠᠢ ᠮᠡᠳᠡᠭᠡ ᠵᠠᠩᠭᠢ ᠪᠠᠨ ᠴᠠᠭ ᠲᠤᠬᠠᠢ ᠲᠤᠨᠢ ᠨᠡᠶᠢᠲᠡᠯᠡᠵᠦ᠂ ᠪᠥᠬᠦ | ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠬᠠᠮᠲᠤ ᠪᠠᠷ ᠣᠷᠣᠯᠴᠠᠵᠤ᠂ ᠬᠠᠮᠲᠤ ᠪᠠᠷ ᠠᠬᠢᠭᠤᠯᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠲᠤᠰᠬᠠᠢ ᠠᠵᠢᠯᠯᠠᠭ᠎ᠠ ᠶᠢ ᠠᠬᠢᠭᠤᠯᠬᠤ ᠶᠠᠪᠤᠴᠠ ᠳᠤ ᠪᠠᠷᠠᠭᠤᠨ ᠦᠵᠦᠮᠦᠴᠢᠨ ᠬᠤᠰᠢᠭᠤᠨ ᠳᠤ ᠨᠢᠭᠡ ᠪᠦᠯᠦᠭ | ᠨᠡᠶᠢᠲᠡᠯᠢᠭ ᠲᠤᠷᠰᠢᠯᠭ᠎ᠠ ᠶᠢᠨ ᠠᠷᠭ᠎ᠠ ᠪᠠᠷᠢᠯ ᠴᠣᠯᠭᠤᠷᠠᠨ ᠭᠠᠷᠴᠤ᠂ ᠪᠥᠬᠦ ᠬᠤᠰᠢᠭᠤᠨ ᠳᠤ ︽ᠥᠯᠢᠭᠡᠷ ᠳᠠᠭᠤᠷᠢᠶᠠᠯ | ︾ ᠬᠠᠩᠭᠠᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ | ︽ᠭᠤᠷᠪᠠ ᠶᠢ ᠴᠢᠩᠭᠠᠳᠬᠠᠬᠤ︾ ︵ᠲᠦᠷᠦᠭᠦᠯᠡᠨ ᠵᠢᠱᠢᠶ᠎ᠡ ᠦᠵᠡᠭᠦᠯᠬᠦ ᠶᠢ ᠴᠢᠩᠭᠠᠳᠬᠠᠬᠤ᠂ ᠵᠣᠬᠢᠶᠠᠨ ᠪᠠᠶᠢᠭᠤᠯᠵᠤ | ᠲᠥᠪᠯᠡᠷᠡᠭᠦᠯᠦᠨ ᠰᠤᠷᠤᠯᠴᠠᠬᠤ ᠶᠢ ᠴᠢᠩᠭᠠᠳᠬᠠᠬᠤ᠂ ᠪᠥᠬᠦ ᠲᠠᠯ᠎ᠠ ᠶᠢᠨ ᠰᠤᠷᠤᠯᠴᠠᠯᠭ᠎ᠠ ᠶᠢᠨ ᠲᠣᠬᠢᠷᠠᠭᠤᠯᠤᠯᠲᠠ ᠶᠢ | ᠴᠢᠩᠭᠠᠳᠬᠠᠬᠤ︶᠂ ︽ᠭᠤᠷᠪᠠ ᠶᠢ ᠨᠠᠷᠢᠯᠢᠭ ᠣᠨᠣᠪᠴᠢᠲᠠᠢ ᠡᠵᠡᠮᠳᠡᠬᠦ︾ ︵ᠥᠪᠡᠷ ᠢᠶᠠᠨ ᠪᠠᠶᠢᠴᠠᠭᠠᠬᠤ ᠡᠲᠡᠭᠡᠳ᠂ | ᠥᠪᠡᠷ ᠢᠶᠠᠨ ᠪᠠᠶᠢᠴᠠᠭᠠᠬᠤ ᠠᠭᠤᠯᠭ᠎ᠠ᠂ ᠠᠰᠠᠭᠤᠳᠠᠯ ᠤᠨ ᠰᠢᠯᠲᠠᠭᠠᠨ ᠢ ᠣᠨᠣᠪᠴᠢᠲᠠᠶ ᠡᠵᠡᠮᠳᠡᠬᠦ︶᠂ ︽ᠭᠤᠷᠪᠠ ᠶᠢ | ᠲᠥᠪᠯᠡᠷᠡᠭᠦᠯᠬᠦ︾ ︵ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ᠂ | ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭᠠᠨ ᠳᠤ ᠠᠩᠬᠠᠷᠤᠯ ᠢᠶᠠᠨ ᠲᠥᠪᠯᠡᠷᠡᠭᠦᠯᠬᠦ︶ ᠪᠠᠷ ᠳᠠᠮᠵᠢᠭᠤᠯᠤᠨ᠂ | ᠲᠤᠰᠬᠠᠢ ᠠᠵᠢᠯᠯᠠᠭ᠎ᠠ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠥᠬᠦ ᠬᠤᠰᠢᠭᠤᠨ ᠳᠤ ᠬᠡᠪ | ᠳᠠᠭᠤᠷᠢᠶᠠᠯ ᠦᠵᠡᠭᠦᠯᠪᠡ᠃ | ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠭᠤᠷᠬᠠᠢ ᠶᠢᠨ ᠠᠵᠢᠯ | ᠦᠢᠯᠡᠳᠪᠦᠷᠢᠯᠡᠯ ᠰᠡᠷᠭᠦᠭᠡᠬᠦ ᠪᠠᠶᠢᠴᠠᠭᠠᠯᠲᠠ ᠳᠤᠮᠳᠠ᠂ ︽ᠨᠠᠷᠢᠨ ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ︾ ᠶᠢᠨ | ᠵᠠᠭᠪᠤᠷ ᠢ ᠰᠢᠨ᠎ᠡ ᠪᠠᠷ ᠬᠡᠷᠡᠭᠯᠡᠨ᠂ ︽ᠪᠠᠶᠢᠴᠠᠭᠠᠬᠤ + ᠬᠠᠤᠯᠢ ᠬᠡᠷᠡᠭᠵᠢᠭᠦᠯᠬᠦ + ᠦᠢᠯᠡᠴᠢᠯᠡᠬᠦ︾ ᠠᠵᠢᠯ ᠤᠨ | ᠠᠷᠭ᠎ᠠ ᠶᠢ ᠬᠡᠷᠡᠭᠵᠢᠭᠦᠯᠵᠦ᠂ 65 ᠠᠮᠤᠷ ᠲᠦᠪᠰᠢᠨ ᠤ ᠬᠡᠮ ᠰᠣᠭᠤᠭ ᠢ ᠢᠯᠡᠷᠡᠭᠦᠯᠦᠨ ᠴᠡᠭᠴᠡᠯᠡᠨ ᠥᠭᠡᠷᠡᠴᠢᠯᠡᠵᠦ᠂ | ᠠᠵᠤ ᠠᠬᠤᠶᠢᠯᠠᠯ ᠤᠨ ᠠᠮᠤᠷ ᠲᠦᠪᠰᠢᠨ ᠤ ᠬᠥᠭᠵᠢᠯᠲᠡ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ | ᠪᠠᠯᠭᠠᠷᠭᠤᠣᠯ ᠪᠠᠯᠭᠠᠰᠤ ︽ᠨᠠᠮ ᠤᠨ ᠪᠠᠶᠢᠭᠤᠯᠤᠯᠲᠠ + ᠲᠣᠣᠷᠵᠢᠭᠤᠯᠤᠯᠲᠠ︾ ᠶᠢᠨ ᠠᠵᠢᠯ ᠤᠨ ᠵᠠᠭᠪᠤᠷ ᠢᠶᠠᠷ | ᠳᠠᠮᠵᠢᠭᠤᠯᠵᠤ᠂ ᠬᠠᠷᠢᠶ᠎ᠠ ᠣᠷᠣᠨ ᠤ ᠪᠠᠨ 47 ᠰᠠᠭᠤᠭᠠᠯᠢ ᠠᠷᠠᠳ ᠤᠨ ᠲᠣᠭᠤᠷᠢᠭ᠂ 314 ᠲᠤᠰᠠᠭᠠᠷ ᠠᠰᠠᠷ | ᠲᠤ ᠨᠡᠶᠢᠳᠡᠮ ᠪᠠᠶᠢᠴᠠᠭᠠᠯᠲᠠ ᠥᠷᠨᠢᠭᠦᠯᠵᠦ᠂ 194 ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠭᠰᠠᠨ | ᠪᠥᠭᠡᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠠᠳᠠᠯᠢ ᠠᠰᠠᠭᠤᠳᠠᠯ ᠲᠠᠬᠢᠨ ᠡᠭᠦᠰᠬᠦ ᠦᠭᠡᠢ ᠪᠠᠶᠢᠬᠤ ᠶᠢ ᠪᠠᠲᠤᠯᠠᠵᠠᠢ᠃ | | ᠬᠤᠰᠢᠭᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠮᠥᠷᠯᠡᠨ ᠬᠦᠯᠢᠶᠡᠬᠦ ᠴᠠᠭ ᠨᠢ ᠣᠷᠳᠣ᠂ ᠠᠰᠠᠭᠤᠨ ᠯᠠᠪᠯᠠᠬᠤ ᠳᠤ | ᠤᠳᠠᠭᠠᠨ ᠬᠦᠯᠢᠶᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ︽ᠤᠷᠢᠳ ᠢᠶᠠᠷ ᠬᠥᠲᠥᠯᠥᠨ ᠵᠢᠯᠤᠭᠤᠳᠬᠤ︾ | ᠲᠣᠭᠲᠠᠴᠠ ᠶᠢ ᠰᠢᠨ᠎ᠡ ᠪᠠᠷ ᠭᠠᠷᠭᠠᠵᠤ᠂ ︽ᠯᠠᠪᠯᠠᠬᠤ ᠪᠠᠷ ᠬᠥᠲᠥᠯᠥᠨ ᠵᠢᠯᠤᠭᠤᠳᠬᠤ︾ ︽ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ︾ ᠠᠵᠢᠯᠲᠠᠨ ᠢ ᠲᠣᠬᠢᠷᠠᠭᠤᠯᠤᠨ ᠤᠷᠢᠳ ᠢᠶᠠᠷ ᠦᠢᠯᠡᠴᠢᠯᠡᠭᠡ ᠬᠠᠩᠭᠠᠬᠤ | ᠶᠢᠨ ᠬᠠᠮᠲᠤ ᠲᠤᠰᠬᠠᠢ ᠴᠣᠩᠬᠤ ᠪᠠ ︽ᠰᠠᠭᠠᠳ ᠦᠭᠡᠢ ᠨᠡᠪᠲᠡᠷᠡᠬᠦ ᠵᠠᠮ︾ ᠲᠣᠬᠢᠷᠠᠭᠤᠯᠵᠤ᠂ ᠠᠵᠢᠯ ᠶᠠᠪᠤᠳᠠᠯ | ᠭᠦᠢᠴᠡᠳᠬᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠢᠯᠡᠳᠲᠡ ᠳᠡᠭᠡᠭᠰᠢᠯᠡᠭᠦᠯᠪᠡ᠃ | ᠪᠠᠷᠠᠭᠤᠨ ᠦᠵᠦᠮᠦᠴᠢᠨ ᠬᠤᠰᠢᠭᠤᠨ ᠤ ︽ᠰᠤᠷᠲᠠᠯ ᠢ ᠰᠠᠶᠢᠵᠢᠷᠠᠭᠤᠯᠵᠤ᠂ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠠᠵᠢᠯᠯᠠᠭ᠎ᠠ ᠨᠢᠭᠡᠨᠲᠡ ᠱᠠᠲᠤ ᠦᠶ᠎ᠡ ᠶᠢᠨ ᠴᠢᠨᠠᠷᠲᠠᠢ | ᠦᠷ᠎ᠡ ᠪᠦᠲᠦᠮᠵᠢ ᠣᠯᠣᠭᠰᠠᠨ ᠪᠣᠯᠪᠠᠴᠤ ᠡᠨᠡ ᠨᠢ ᠵᠥᠪᠬᠡᠨ ᠡᠬᠢᠯᠡᠯᠲᠡ ᠲᠡᠳᠦᠢ ᠶᠤᠮ᠃ ᠳᠠᠷᠠᠭ᠎ᠠ ᠠᠯᠬᠤᠮ ᠳᠤ᠂ | ᠪᠠᠷᠠᠭᠤᠨ ᠦᠵᠦᠮᠦᠴᠢᠨ ᠬᠤᠰᠢᠭᠤ ᠲᠤᠰᠬᠠᠢ ᠠᠵᠢᠯᠯᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠭᠤᠴᠠᠯᠭ᠎ᠠ | ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠢᠨᠠᠨ ᠵᠢᠯᠤᠭᠤᠳᠬᠤ ᠪᠠᠨ ᠴᠢᠩᠭᠠᠳᠬᠠᠨ᠂ ᠨᠡᠶᠢᠲᠡᠯᠢᠭ | ᠲᠤᠷᠰᠢᠯᠭ᠎ᠠ ᠶᠢ ᠳᠡᠯᠭᠡᠷᠡᠭᠦᠯᠵᠦ᠂ ᠲᠤᠰᠬᠠᠢ ᠠᠵᠢᠯᠯᠠᠭ᠎ᠠ ᠶᠢᠨ ᠨᠠᠩ ᠰᠠᠶᠢᠨ ᠦᠷ᠎ᠡ ᠪᠦᠲᠦᠮᠵᠢ ᠣᠯᠬᠤ ᠶᠢ ᠪᠠᠲᠤᠯᠠᠬᠤ | ᠶᠢᠨ ᠬᠠᠮᠲᠤ᠂ ᠲᠣᠰ ᠤᠳᠠᠭᠠᠨ ᠤ ᠲᠤᠰᠬᠠᠢ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠰᠤᠷᠲᠠᠯ ᠤᠨ | ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠥᠬᠦ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠥᠨᠢᠳᠡ ᠶᠢᠨ ᠬᠥᠳᠡᠯᠭᠡᠬᠦ ᠬᠦᠴᠦᠨ | ᠨᠡᠮᠡᠷᠢᠯᠡᠬᠦ ᠪᠣᠯᠣᠨ᠎ᠠ᠃ | |