3 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ | ᠬᠤᠩ ᠭᠠᠩ ᠪᠠᠶᠠᠨ ᠠᠶᠢᠯ ᠰᠠᠭᠤᠭᠠᠯᠢ ᠲᠣᠭᠤᠷᠢᠭ᠂ ᠪᠠᠶᠠᠨᠬᠤᠰᠢᠭᠤ ᠬᠡᠦᠬᠡᠳ ᠤᠨ ᠴᠡᠴᠡᠷᠯᠢᠭ ᠲᠤ ᠬᠦᠷᠴᠦ | ᠦᠨᠳᠦᠰᠦᠨ ᠱᠠᠲᠤᠨ ᠤ ᠵᠠᠰᠠᠯᠲᠠ᠂ ᠰᠤᠷᠭᠠᠨ ᠬᠥᠮᠦᠵᠢᠯ ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠠᠵᠢᠯ ᠢ | ᠪᠠᠶᠢᠴᠠᠭᠠᠵᠤ᠂ ᠵᠢᠯᠤᠭᠤᠳᠬᠤ ᠰᠠᠨᠠᠯ ᠳᠤᠷᠠᠳᠪᠠ᠃ | | ᠶᠣᠣ ᠬᠤᠩ ᠭᠠᠩ ᠪᠠᠶᠠᠨ ᠠᠶᠢᠯ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ᠂ | ᠤᠯᠠᠨ ᠨᠡᠶᠢᠲᠡ ᠶᠢᠨ ᠲᠥᠬᠦᠭᠡᠷᠦᠮᠵᠢ ᠵᠢᠴᠢ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠴᠡᠭ ᠢ | ᠪᠠᠶᠢᠴᠠᠭᠠᠨ ᠦᠵᠡᠵᠦ᠂ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠬᠤ᠂ ᠵᠠᠮ ᠤᠨ | ᠭᠠᠳᠠᠷᠭᠤ ᠶᠢ ᠥᠭᠡᠷᠡᠴᠢᠯᠡᠬᠦ᠂ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠠᠷᠢᠯᠭ᠎ᠠ ᠶᠢ ᠨᠤᠷᠠᠭᠠᠬᠤ ᠵᠡᠷᠭᠡ | ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠬᠤᠳᠠ ᠶᠢᠨ | ᠦᠨᠳᠦᠰᠦᠨ ᠱᠠᠲᠤᠨ ᠤ ᠵᠠᠰᠠᠯᠲᠠ ᠪᠣᠯ ᠤᠯᠠᠨ ᠲᠦᠮᠡᠨ ᠳᠤ ᠦᠢᠯᠡᠴᠢᠯᠡᠬᠦ ᠡᠮᠦᠨ᠎ᠡ ᠹᠷᠣᠨᠲ ᠪᠣᠯᠣᠨ᠎ᠠ᠂ | ᠨᠠᠷᠢᠯᠢᠭᠵᠢᠭᠤᠯᠤᠨ ᠵᠠᠰᠠᠬᠤ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠤᠯᠠᠨ ᠲᠦᠮᠡᠨ ᠤ ᠠᠵᠢᠯ ᠶᠠᠪᠤᠳᠠᠯ | ᠰᠢᠢᠳᠪᠦᠷᠢᠯᠡᠬᠦ ᠲᠠᠯ᠎ᠠ ᠪᠠᠷ ᠬᠢ ᠬᠠᠷᠰᠢ ᠰᠠᠭᠠᠳ᠂ ᠬᠦᠴᠢᠷ ᠠᠰᠠᠭᠤᠳᠠᠯ ᠪᠠ ᠡᠮᠵᠡᠭ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠢᠯᠲᠠᠨ᠂ ᠡᠬᠢ ᠪᠠᠶᠠᠯᠢᠭ᠂ ᠦᠢᠯᠡᠴᠢᠯᠡᠭᠡ ᠶᠢ ᠡᠮᠦᠨ᠎ᠡ ᠹᠷᠣᠨᠲ ᠲᠤ ᠭᠦᠨᠵᠡᠭᠡᠶᠢᠷᠡᠭᠦᠯᠬᠦ ᠶᠢ | ᠠᠬᠢᠭᠤᠯᠵᠤ᠂ ᠤᠯᠠᠨ ᠲᠦᠮᠡᠨ ᠤ ︽ᠲᠤᠯᠭᠠᠮ᠎ᠠ᠂ ᠬᠦᠴᠢᠷ︾ ᠠᠰᠠᠭᠤᠳᠠᠯ ᠢ ᠦᠨᠡᠨᠬᠦ ᠰᠢᠢᠳᠪᠦᠷᠢᠯᠡᠵᠦ᠂ | ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠳᠠ ᠦᠭᠡᠢ | ᠨᠡᠮᠡᠭᠳᠡᠭᠦᠯᠬᠦ ᠬᠡᠷᠡᠭᠲᠡᠢ ᠭᠡᠵᠡᠢ᠃ | | ᠪᠠᠶᠠᠨᠬᠤᠰᠢᠭᠤ ᠬᠡᠦᠬᠡᠳ ᠤᠨ ᠴᠡᠴᠡᠷᠯᠢᠭ ᠲᠤ᠂ ᠶᠣᠣ ᠬᠤᠩ ᠭᠠᠩ ᠬᠡᠦᠬᠡᠳ ᠤᠨ ᠴᠡᠴᠡᠷᠯᠢᠭ ᠤᠨ | ᠲᠥᠬᠦᠭᠡᠷᠦᠮᠵᠢ᠂ ᠴᠡᠴᠡᠷᠯᠢᠭ ᠡᠷᠬᠢᠯᠡᠬᠦ ᠨᠥᠬᠦᠴᠡᠯ᠂ ᠪᠠᠭᠰᠢ ᠶᠢᠨ ᠬᠦᠴᠦᠨ᠂ ᠠᠮᠤᠷ ᠲᠦᠪᠰᠢᠨ ᠤ ᠬᠠᠮᠢᠶᠠᠷᠤᠯᠲᠠ | ᠵᠢᠴᠢ ᠬᠡᠦᠬᠡᠳ ᠤᠨ ᠡᠷᠡᠭᠦᠯ ᠮᠡᠨᠳᠦ ᠶᠢᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ | ᠵᠢᠭᠠᠬᠤ ᠳᠠᠭᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯ ᠰᠠᠭᠤᠷᠢ ᠰᠤᠷᠭᠠᠨ ᠬᠥᠮᠦᠵᠢᠯ ᠤᠨ | ᠴᠢᠬᠤᠯᠠ ᠪᠦᠷᠢᠯᠳᠦᠭᠦᠨ ᠬᠡᠰᠡᠭ ᠮᠥᠨ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠂ ᠪᠠᠭᠰᠢ ᠶᠢᠨ ᠪᠣᠯᠪᠠᠰᠤᠷᠠᠯ ᠢ | ᠴᠢᠩᠭᠠᠳᠬᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ | ᠬᠡᠦᠬᠡᠳ ᠤᠳ ᠲᠤ ᠠᠮᠤᠷ ᠲᠦᠪᠰᠢᠨ᠂ ᠡᠷᠡᠭᠦᠯ ᠴᠢᠭᠢᠷᠠᠭ᠂ ᠪᠠᠶᠠᠷ ᠬᠥᠷ ᠲᠠᠢ ᠪᠠᠷ ᠦᠰᠦᠨ ᠪᠣᠶᠢᠵᠢᠬᠤ ᠣᠷᠴᠢᠨ | ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠢ ᠭᠡᠵᠡᠢ᠃ | ᠲᠣᠰ ᠤᠳᠠᠭᠠᠨ ᠤ ᠪᠠᠶᠢᠴᠠᠭᠠᠯᠲᠠ ᠳᠤ᠂ ᠶᠣᠣ ᠬᠤᠩ ᠭᠠᠩ ᠡᠯ᠎ᠡ ᠵᠦᠢᠯ ᠤᠨ ᠠᠵᠢᠯ ᠢ ᠭᠦᠢᠴᠡᠳ | ᠨᠤᠲᠠᠯᠠᠭᠰᠠᠨ ᠪᠥᠭᠡᠳ ᠳᠠᠷᠠᠭ᠎ᠠ ᠠᠯᠬᠤᠮ ᠤᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠲᠡᠷᠡ ᠵᠢᠭᠠᠬᠤ ᠳᠠᠭᠠᠨ᠂ ᠡᠯ᠎ᠡ ᠰᠠᠯᠠᠭ᠎ᠠ ᠮᠥᠴᠢᠷ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠵᠤ᠂ ᠬᠠᠮᠵᠢᠯᠴᠠᠭ᠎ᠠ ᠪᠠᠨ ᠴᠢᠨᠠᠭᠰᠢᠳᠠ ᠴᠢᠩᠭᠠᠳᠬᠠᠨ᠂ ᠠᠵᠢᠯ ᠤᠨ ᠠᠷᠭ᠎ᠠ ᠬᠡᠯᠪᠡᠷᠢ | ᠶᠢᠨ ᠲᠠᠯ᠎ᠠ ᠪᠠᠷ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠵᠠᠰᠠᠯᠲᠠ᠂ ᠰᠤᠷᠭᠠᠨ ᠬᠥᠮᠦᠵᠢᠯ ᠤᠨ | ᠪᠠᠲᠤᠯᠠᠭᠠᠨ ᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠨᠡᠩ ᠪᠣᠳᠠᠲᠠᠢ ᠶᠢ ᠡᠷᠬᠢᠮᠯᠡᠭᠰᠡᠨ ᠠᠷᠭ᠎ᠠ | ᠬᠡᠮᠵᠢᠶ᠎ᠡ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠷᠠᠳ ᠤᠯᠠᠨ ᠤ | ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠬᠤ ᠬᠡᠷᠡᠭᠲᠡᠢ ᠭᠡᠵᠡᠢ᠃ |