ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠬᠡᠣᠬᠡᠳ ᠤᠨ ᠠᠵᠢᠯ ᠢ ᠪᠦᠳᠦᠮᠵᠢᠳᠠᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2025/3/17
    ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠣ ᠬᠤᠷᠠᠯ ᠨᠢ  ᠪᠦᠬᠦ ᠬᠤᠰᠢᠭᠤᠨ ᠤ ᠡᠮᠡᠭᠲᠡᠶᠢᠴᠦᠳ ᠣᠯᠠᠨ ᠲᠦᠮᠡᠨ ᠢ ᠬᠥᠲᠥᠯᠥᠨ ᠳᠠᠭᠠᠭᠤᠯᠬᠤ᠂ ᠦᠢᠯᠡᠴᠢᠯᠡᠬᠦ᠂ ᠬᠠᠷᠢᠯᠴᠠᠬᠤ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠬᠡᠵᠦ᠂ ᠡᠮᠡᠭᠲᠡᠶᠢᠴᠦᠳ ᠬᠡᠦᠬᠡᠳ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃     ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ  ᠬᠤᠯᠪᠤᠭᠠᠳᠣ ᠬᠤᠷᠠᠯ   ᠨᠢ ᠡᠯ᠎ᠡ ᠲᠥᠷᠥᠯ ᠤᠨ ᠤᠬᠠᠭᠤᠯᠤᠨ ᠲᠠᠶᠢᠯᠪᠤᠷᠢᠯᠠᠬᠤ᠂ ᠰᠤᠷᠤᠯᠴᠠᠬᠤ ᠵᠢᠴᠢ ᠰᠣᠯᠢᠯᠴᠠᠬᠤ ᠠᠵᠢᠯᠯᠠᠭ᠎ᠠ ᠂ ᠨᠣᠮ ᠤᠩᠰᠢᠵᠤ  ᠬᠤᠪᠢᠶᠠᠯᠴᠠᠬᠤ ᠬᠤᠷᠠᠯ ᠵᠡᠷᠭᠡ ᠠᠵᠢᠯᠯᠠᠭ᠎ᠠ ᠪᠠᠷ ᠳᠠᠮᠵᠢᠭᠤᠯᠵᠤ᠂ ᠦᠵᠡᠯ ᠰᠠᠨᠠᠭ᠎ᠠ ᠰᠣᠷᠳᠠᠯᠴᠢᠯᠠᠭ᠎ᠠ ᠤᠬᠠᠭᠤᠯᠭ᠎ᠠ ᠶᠢᠨ ᠠᠵᠢᠯ ᠢ ᠰᠠᠶᠢᠳᠣᠷ ᠬᠢᠵᠦ᠂ ᠬᠢᠨᠠᠨ ᠪᠦᠷᠢᠳᠬᠡᠬᠦ ᠪᠠ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠢᠳᠡᠪᠬᠢᠲᠡᠢ  ᠦᠷᠨᠢᠬᠦᠯᠦᠨ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠳᠠ ᠪᠠᠨ ᠴᠢᠩᠭᠠᠳᠬᠠᠨ᠂ 25 ︽ᠭᠤᠷᠪᠠᠨ ᠰᠢᠨ᠎ᠡ︾ ᠶᠢᠨ ᠬᠦᠷᠢᠶᠡᠨ ᠳᠠᠬᠢ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠵᠢᠴᠢ 7 ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠮᠡᠭᠲᠡᠶᠢᠴᠦᠳ ᠤᠨ ᠬᠤᠯᠪᠣᠭ᠎ᠠ ᠶᠢ ᠰᠢᠨ᠎ᠡ ᠪᠠᠷ ᠪᠠᠶᠢᠭᠤᠯᠵᠤ᠂ ᠡᠮᠡᠭᠲᠡᠶᠢᠴᠦᠳ ᠤᠨ ᠦᠨᠳᠦᠰᠦᠨ ᠱᠠᠲᠤᠨ ᠤ ᠰᠠᠭᠤᠷᠢ ᠶᠢ ᠤᠯᠠᠮ  ᠪᠠᠲᠤᠳᠬᠠᠪᠠ᠃    ᠡᠮᠡᠭᠲᠡᠶᠢᠴᠦᠳ ᠤᠨ ᠬᠤᠯᠪᠤᠭᠠᠳᠣ ᠬᠤᠷᠠᠯ ᠨᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠤᠨ ᠠᠩᠭᠢ ᠂ ︽ᠬᠠᠮᠤᠭ ᠤᠨ ᠭᠤᠶᠣ ᠲᠠᠯᠠᠩ ᠲᠠᠢ ᠠᠷᠭᠠᠯ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠡᠮᠡᠭᠳᠠᠶᠢᠴᠣᠳ ᠤᠨ ᠬᠤᠰᠢᠭᠤᠴᠢ ᠲᠠᠭᠠᠭᠤᠯᠤᠭᠴᠢ ᠶᠢᠨ ᠦᠢᠯᠠᠳᠣᠯ ᠢ ᠬᠦᠢᠴᠠᠳ ᠪᠠᠳᠠᠷᠠᠭᠤᠯᠤᠨ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠦᠭᠰᠠᠨ ᠤ ᠬᠠᠮᠳᠣ᠂ ᠡᠯ᠎ᠠ ᠰᠠᠯᠠᠭ᠎ᠠ ᠮᠦᠴᠢᠷ ᠲᠠᠢ ᠬᠠᠮᠳᠣᠷᠠᠨ᠂ ᠠᠳᠠᠯ ᠠᠬᠤᠢ ᠶᠢᠨ  ᠦᠢᠯᠡᠴᠢᠯᠡᠭᠡ᠂ ᠭᠠᠷ ᠤᠷᠠᠯᠠᠯ ᠵᠡᠷᠭᠡ ᠬᠡᠷᠡᠭᠯᠡᠭᠡᠨ ᠤ ᠤᠷ᠎ᠠ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠡᠷᠬᠢᠯᠠᠵᠦ᠂ ᠡᠮᠡᠭᠲᠡᠶᠢᠴᠦᠳ ᠤᠨ ᠠᠵᠢᠯ ᠣᠯᠬᠤ ᠠᠷᠭ᠎ᠠ ᠵᠠᠮ ᠢ ᠥᠷᠭᠡᠳᠬᠡᠪᠡ᠃ ᠡᠷᠡᠭᠦᠯ ᠮᠡᠨᠳᠦ ᠶᠢᠨ ᠪᠠᠲᠤᠯᠠᠭ᠎ᠠ ᠶᠢᠨ ᠲᠠᠯ᠎ᠠ ᠪᠠᠷ᠂ ᠡᠮᠡᠭᠲᠡᠶᠢᠴᠦᠳ ᠤᠨ ᠬᠤᠯᠪᠤᠭᠠᠳᠣ ᠬᠤᠷᠠᠯ ᠨᠢ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠶᠢ ᠠᠬᠢᠭᠤᠯᠵᠤ᠂ ᠡᠷᠡᠭᠦᠯ ᠮᠡᠨᠳᠦ ᠶᠢᠨ ᠲᠠᠶᠢᠯᠤᠮᠵᠢ ᠡᠷᠭᠢᠯᠡᠨ ᠡᠷᠡᠭᠦᠯ ᠬᠠᠮᠠᠭᠠᠯᠠᠯ ᠡᠷᠡᠭᠦᠯᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ ᠠᠪᠤᠷᠠᠨ ᠲᠤᠰᠠᠯᠠᠬᠤ ᠮᠥᠩᠭᠦ ᠪᠠ ᠳᠠᠭᠠᠳᠬᠠᠯ ᠢ ᠢᠳᠡᠪᠬᠢᠲᠡᠢ ᠡᠷᠡᠮᠡᠯᠵᠡᠯᠡᠨ ᠣᠯᠵᠤ᠂ ᠡᠮᠡᠭᠲᠡᠶᠢᠴᠦᠳ ᠤᠨ ᠪᠤᠳᠠᠳᠠᠢ ᠭᠦᠴᠢᠷᠳᠠᠯ ᠢ ᠨᠢ ᠰᠠᠢᠳᠪᠤᠷᠢᠯᠠᠨ ᠦᠭᠴᠠᠢ᠃    2024 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ  ᠬᠤᠯᠪᠤᠭᠠᠳᠣ ᠬᠤᠷᠠᠯ ᠨᠢ ᠭᠡᠷ ᠪᠦᠯᠢ ᠪᠠᠷ ᠨᠢᠬᠡᠴᠠᠯᠠᠨ᠂ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠦᠷᠭᠦᠯᠵᠢᠯᠡᠨ ᠪᠠᠳᠠᠷᠠᠭᠤᠯᠪᠠ᠃ ︽ᠬᠠᠮᠤᠭ ᠤᠨ ᠭᠤᠶᠣ ᠭᠡᠷ ᠪᠦᠯᠢ︾ ᠶᠢᠨ ᠥᠯᠢᠭᠡᠷ ᠲᠠᠭᠤᠷᠢᠶᠠᠯ ᠢ ᠬᠤᠪᠢᠶᠠᠯᠴᠠᠬᠤ  ᠬᠤᠷᠠᠯ ᠢ ᠡᠷᠭᠢᠯᠡᠵᠦ᠂ 43 ᠬᠠᠮᠤᠭ ᠤᠨ ᠭᠤᠶᠣ ᠭᠡᠷ ᠪᠦᠯᠢ ᠶᠢ ᠨᠡᠶᠢᠲᠡᠯᠡᠵᠦ᠂ ᠨᠡᠩ ᠤᠯᠠᠨ ᠬᠡᠷ ᠪᠦᠯᠢ ᠶᠢ ᠪᠤᠯᠪᠠᠰᠣᠨ ᠦᠬᠡᠳᠠᠷᠬᠡᠭ ᠠᠮᠢᠳᠣᠷᠠᠬᠤ ᠶᠢ ᠤᠷᠠᠶᠢᠯᠠᠨ ᠲᠠᠶᠢᠴᠢᠯᠠᠪᠠ︔  ︽ᠡᠨᠠᠷᠢᠩᠬᠦᠢ ᠠᠨᠢᠶ᠎ᠠ︾ ᠨᠠᠷ ᠭᠦᠴᠢᠷᠳᠠᠯᠳᠠᠢ ᠬᠡᠦᠬᠡᠳ ᠢ ᠲᠤᠰᠠᠯᠠᠨ ᠲᠠᠮᠵᠢᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠦᠬᠦ ᠵᠢᠯ ᠳᠤ 125 ᠤᠳᠠᠭᠠᠨ ᠤ ᠲᠤᠰᠠᠯᠠᠮᠵᠢ ᠶᠢᠨ ᠠᠵᠢᠯᠯᠠᠭ᠎ᠠ ᠦᠷᠨᠢᠬᠦᠯᠦᠨ᠂ ᠤᠯᠠᠨ ᠬᠡᠣᠬᠡᠳ ᠤᠳ  ᠲᠤ ᠬᠠᠶᠢᠷ᠎ᠠ ᠬᠠᠯᠠᠮᠵᠢ ᠭᠦᠷᠬᠡᠭᠰᠠᠨ ᠪᠠᠶᠢᠨ᠎ᠠ᠃    ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠣ ᠬᠤᠷᠠᠯ ᠨᠢ ᠡᠯ᠎ᠡ ᠲᠦᠷᠦᠯ ᠤᠨ ᠬᠠᠤᠯᠢᠵᠢᠯ ᠤᠨ ᠤᠬᠠᠭᠤᠯᠭ᠎ᠠ ᠶᠢ 98 ᠤᠳᠠᠭ᠎ᠠ ᠥᠷᠨᠢᠭᠦᠯᠵᠦ᠂ ᠣᠯᠠᠨ ᠵᠦᠢᠯ ᠤᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠡᠷ ᠪᠦᠯᠢ ᠶᠢᠨ ᠡᠶᠡᠳᠡᠭᠦᠯᠬᠦ ᠲᠠᠰᠤᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠦᠨᠳᠦᠰᠦᠨ ᠱᠠᠲᠤᠨ ᠤ ᠡᠮᠡᠭᠳᠠᠶᠢᠴᠣᠳ ᠤᠨ ᠬᠠᠤᠯᠢ ᠶᠤᠰᠣᠨ ᠤ ᠡᠷᠬᠡ  ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号