︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2025/3/17
    2024 ᠣᠨ ᠤ 11 ᠰᠠᠷ᠎ᠠ ᠶᠢᠨ 20 ᠤ ᠡᠳᠦᠷ᠂ ᠪᠠᠶᠠᠨᠬᠤᠸᠠ ᠥᠪᠡᠷ ᠢᠶᠠᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ᠪᠥᠬᠦ ᠲᠤᠭ᠎ᠠ ᠪᠠᠷ ᠥᠪᠡᠰᠦᠪᠡᠨ ᠬᠡᠷᠡᠭᠯᠡᠬᠦ 50MW ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠬᠦᠴᠦᠳᠡᠯ ᠪᠠᠭᠤᠷᠠᠭᠤᠯᠬᠤ ᠥᠷᠲᠡᠭᠡ ᠶᠢᠨ ᠠᠩᠬᠠᠨ ᠤ ᠯᠠᠰᠠ ᠲᠠᠢ ᠪᠧᠲ᠋ᠤᠨ ᠢ ᠵᠢᠩᠬᠢᠨᠢ ᠪᠠᠷ ᠴᠢᠳᠬᠤᠨ ᠪᠠᠶᠢᠭᠤᠯᠪᠠ᠂ ᠡᠨᠡ ᠨᠢ ᠲᠣᠰ ᠲᠥᠷᠥᠯ ᠵᠦᠢᠯ ᠦᠨᠡᠨ ᠪᠣᠳᠠᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃     ᠲᠣᠰ ᠲᠥᠷᠥᠯ ᠵᠦᠢᠯ ᠨᠢ ᠮᠠᠨ ᠤ ᠬᠤᠰᠢᠭᠤᠨ ᠤ  ᠪᠠᠶᠠᠨᠬᠤᠸᠠ  ᠪᠠᠯᠭᠠᠰᠣᠨ ᠤ ᠬᠢᠯᠢ ᠳᠤ ᠪᠠᠶᠢᠵᠤ᠂ 2024 ᠣᠨ ᠤ 3 ᠰᠠᠷ᠎ᠠ ᠶᠢᠨ 29 ᠤ ᠡᠳᠦᠷ ᠰᠢᠯᠢ ᠶᠢᠨ ᠭᠤᠣᠯ ᠠᠶᠢᠮᠠᠭ ᠤᠨ ᠡᠨᠧᠷᠭᠢ ᠶᠢᠨ ᠲᠣᠪᠴᠢᠶᠠᠨ ᠤ ᠭᠦᠢᠴᠡᠳᠬᠡᠯ ᠲᠤᠭ᠎ᠠ ᠶᠢᠨ ᠴᠣᠬᠤᠯᠠᠪᠤᠷᠢ ᠶᠢ ᠣᠯᠵᠤ᠂ 2024 ᠣᠨ ᠤ 6 ᠰᠠᠷ᠎ᠠ ᠶᠢᠨ 1 ᠤ ᠡᠳᠦᠷ ᠰᠢᠯᠢ ᠶᠢᠨ ᠭᠤᠣᠯ ᠠᠶᠢᠮᠠᠭ ᠤᠨ ᠡᠨᠧᠷᠭᠢ ᠶᠢᠨ  ᠲᠣᠪᠴᠢᠶᠠᠨ ᠤ ᠬᠢᠨᠠᠨ ᠵᠥᠪᠰᠢᠶᠡᠷᠡᠯ ᠢ ᠣᠯᠵᠤ᠂ ᠲᠥᠷᠥᠯ ᠵᠦᠢᠯ ᠤᠨ ᠨᠢᠭᠡᠴᠡ ᠠᠴᠠ ︽ᠡᠮᠦᠨᠡᠬᠢ ᠬᠤᠭᠤᠴᠠᠭ᠎ᠠ ᠶᠢ ᠰᠢᠯᠢᠳᠡᠭᠵᠢᠭᠦᠯᠬᠦ︾ ᠶᠢᠨ ᠪᠠᠷᠢᠮᠵᠢᠶ᠎ᠠ ᠪᠠᠷ 4 ᠰᠠᠷ᠎ᠠ ᠶᠢᠨ ᠴᠠᠭ ᠢ ᠬᠡᠷᠡᠭᠯᠡᠵᠦ᠂ ᠠᠵᠢᠯ ᠡᠬᠢᠯᠡᠭᠦᠯᠬᠦ ᠠᠴᠠ ᠡᠮᠦᠨᠡᠬᠢ ᠪᠣᠶ ᠪᠦᠬᠦᠢ ᠪᠡᠯᠡᠳᠬᠡᠯ ᠠᠵᠢᠯ ᠢ ᠥᠨᠳᠥᠷ ᠪᠦᠲᠦᠮᠵᠢᠲᠡᠶ᠂ ᠴᠢᠨᠠᠷ ᠰᠠᠶᠢᠲᠠᠢ ᠪᠠᠷ ᠪᠡᠶᠡᠯᠡᠭᠦᠯᠵᠦ᠂ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃     ᠲᠣᠰ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠳᠤ 5 ᠲᠡᠷᠢᠭᠦᠨ ᠤ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ ᠤᠭᠰᠠᠷᠠᠵᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠰᠢᠰᠲ᠋ᠧᠮ ᠤᠨ ᠳᠣᠲᠣᠷᠠᠬᠢ ᠠᠩᠬᠠᠨ ᠤ ᠪᠦᠯᠦᠭ ᠲᠠᠩ ᠮᠠᠰᠢᠨ ᠤ ᠪᠠᠭᠲᠠᠭᠠᠮᠵᠢ ᠪᠠᠷ ᠬᠠᠮᠤᠭ ᠤᠨ ᠶᠡᠭᠡ ᠰᠠᠯᠬᠢᠨ ᠬᠦᠴᠦᠨ ᠤ ᠲᠥᠷᠥᠯ ᠵᠦᠢᠯ ᠤᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 50MW ᠳᠤ ᠬᠦᠷᠭᠡᠬᠦ ᠶᠢᠨ ᠬᠠᠮᠲᠤ 35kv/10kV ᠶᠢᠨ ᠳᠠᠷᠤᠯᠲᠠ ᠶᠢ ᠪᠠᠭᠤᠷᠠᠭᠤᠯᠬᠤ ᠥᠷᠲᠡᠭᠡ ᠶᠢ ᠢᠵᠢ ᠪᠦᠷᠢᠳᠦᠭᠦᠯᠦᠨ ᠰᠢᠨ᠎ᠡ ᠪᠠᠷ ᠪᠠᠶᠢᠭᠤᠯᠵᠤ᠂ ᠵᠢᠱᠢᠯᠲᠡ ᠪᠠᠷ 2025 ᠣᠨ ᠤ 7 ᠰᠠᠷ᠎ᠠ ᠠᠴᠠ ᠡᠮᠦᠨ᠎ᠡ ᠪᠥᠬᠦ ᠪᠠᠭᠲᠠᠭᠠᠮᠵᠢ ᠶᠢ ᠲᠣᠣᠷ ᠲᠤ ᠨᠡᠶᠢᠯᠡᠭᠦᠯᠬᠦ ᠶᠢ ᠪᠡᠶᠡᠯᠡᠭᠦᠯᠵᠦ᠂ ᠲᠤᠬᠠᠢ ᠶᠢᠨ ᠦᠶ᠎ᠡ ᠳᠤ ᠭᠠᠵᠠᠷ ᠣᠷᠣᠨ ᠤ ᠡᠨᠧᠷᠭᠢ ᠶᠢᠨ ᠬᠠᠩᠭᠠᠯᠭ᠎ᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃     ᠵᠢᠱᠢᠯᠲᠡ ᠪᠠᠷ᠂ ᠲᠣᠰ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠵᠢᠯ ᠤᠨ ᠴᠠᠬᠢᠯᠭᠠᠨ ᠭᠠᠷᠭᠠᠬᠤ ᠳᠤᠮᠳᠠᠴᠢ ᠬᠡᠮᠵᠢᠶ᠎ᠡ ᠨᠢ 1.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ 5 ᠲᠦᠮᠡᠨ ᠲᠣᠨ ᠠᠷᠪᠢᠯᠠᠵᠤ᠂ ᠠᠽᠣᠲ ᠤᠨ ᠢᠰᠦᠮᠡᠭ ᠭᠠᠳᠠᠭᠰᠢᠯᠠᠭᠤᠯᠬᠤ ᠬᠡᠮᠵᠢᠶ᠎ᠡ ᠶᠢ 22.0 ᠲᠣᠨ᠂ ᠬᠦᠬᠦᠷ ᠤᠨ ᠳᠠᠪᠬᠤᠷ ᠢᠰᠦᠯ ᠢ 13.7 ᠲᠣᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ 13.6 ᠲᠦᠮᠡᠨ ᠲᠣᠨ ᠪᠠᠭᠠᠰᠬᠠᠬᠤ ᠲᠠᠢ ᠲᠡᠩᠴᠡᠨ᠎ᠡ᠂ ᠲᠡᠭᠦᠨ ᠤ ᠣᠷᠴᠢᠨ ᠲᠣᠭᠤᠷᠢᠨ ᠤ ᠦᠷ᠎ᠡ ᠠᠰᠢᠭ ᠨᠢ ᠢᠯᠡᠳᠲᠡ ᠪᠠᠶᠢᠵᠤ᠂ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠥᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ  ᠪᠠᠶᠠᠨᠬᠤᠸᠠ ᠥᠪᠡᠰᠦᠪᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ᠪᠥᠬᠦ ᠲᠤᠭ᠎ᠠ ᠪᠠᠷ ᠥᠪᠡᠰᠦᠪᠡᠨ ᠬᠡᠷᠡᠭᠯᠡᠬᠦ 50MW ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠵᠢᠩᠬᠢᠨᠢ ᠪᠠᠷ ᠡᠬᠢᠯᠡᠨ ᠪᠠᠶᠢᠭᠤᠯᠵᠤ ᠪᠠᠶᠢᠭ᠎ᠠ ᠨᠢ ᠤᠯᠤᠰ ᠤᠨ ᠰᠢᠨ᠎ᠡ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠢᠳᠡᠪᠬᠢᠲᠡᠢ ᠲᠤᠰᠬᠠᠯ ᠪᠣᠯᠬᠤ ᠪᠠᠷ ᠪᠠᠷᠠᠬᠤ ᠦᠭᠡᠢ᠂ ᠨᠠᠩ ᠴᠤ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠬᠦ᠂ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠬᠤ ᠠᠮᠢᠳᠤᠯᠢᠭ ᠦᠢᠯᠡᠳᠦᠯᠭᠡ ᠪᠣᠯᠬᠤ ᠶᠤᠮ᠃ ᠲᠤᠰ ᠦᠢᠯᠡᠳᠪᠦᠷᠢ ᠰᠢᠨ᠎ᠡ ᠡᠨᠧᠷᠭᠢ ᠶᠢᠨ ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠬᠦ ᠪᠠᠷ ᠳᠠᠮᠵᠢᠭᠤᠯᠵᠤ᠂ ᠠᠵᠤ ᠠᠬᠤᠶᠢᠯᠠᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠢᠶᠠᠷ ᠪᠠᠷᠠᠬᠤ ᠦᠭᠡᠢ᠂ ᠨᠡᠩ ᠴᠤ ᠤᠯᠠᠨ ᠡᠰᠢᠵᠢᠭᠰᠡᠨ᠂ ᠠᠷᠢᠭᠤᠨ ᠴᠡᠪᠡᠷ᠂ ᠥᠨᠳᠥᠷ ᠪᠦᠲᠦᠮᠵᠢᠲᠡᠢ ᠡᠨᠧᠷᠭᠢ ᠶᠢᠨ ᠬᠠᠩᠭᠠᠯᠭ᠎ᠠ ᠶᠢᠨ ᠪᠦᠲᠦᠴᠡ ᠶᠢ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号