ᠣᠶᠢᠷ᠎ᠠ ᠶᠢᠨ ᠵᠢᠯ ᠤᠳ ᠲᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠬᠠᠷᠢᠶᠠᠲᠤ ᠣᠷᠣᠨ ᠤ ᠪᠠᠨ ᠡᠯ᠎ᠡ ᠠᠵᠤ ᠠᠬᠤᠶᠢᠯᠠᠯ ᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠲᠠᠰᠤᠷᠠᠯᠲᠠ ᠦᠭᠡᠢ ᠳᠡᠮᠵᠢᠵᠦ ᠬᠥᠲᠥᠯᠥᠨ ᠵᠢᠯᠤᠭᠤᠳᠴᠤ᠂ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ | ᠡᠷᠴᠢᠮ᠂ ᠰᠤᠳᠤᠯᠤᠨ ᠨᠡᠭᠡᠭᠡᠬᠦ ᠡᠷᠴᠢᠮ ᠪᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠦᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠲᠦᠷᠭᠡᠳᠬᠡᠨ | ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠬᠥᠳᠡᠯᠭᠡᠬᠦ ᠬᠦᠴᠦᠨ︾ ᠢ | ᠳᠡᠭᠡᠭᠰᠢᠯᠡᠭᠦᠯᠬᠦ ᠶᠢᠨ ᠲᠣᠭᠤᠷᠢᠨ ᠳᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ︽ᠰᠢᠨᠳᠠᠰᠤ ᠶᠢ | ᠴᠢᠩᠭᠠᠷᠠᠭᠤᠯᠤᠨ ᠶᠠᠰᠤ ᠴᠢᠨᠠᠷ ᠢ ᠨᠢ ᠰᠠᠶᠢᠵᠢᠷᠠᠭᠤᠯᠵᠤ︾᠂ ᠴᠢᠨᠠᠷ ᠰᠠᠶᠢᠲᠠᠢ ᠬᠥᠭᠵᠢᠯᠲᠡ ᠶᠢᠨ ︽ᠰᠢᠨ᠎ᠡ | ᠬᠥᠳᠡᠯᠭᠡᠬᠦ ᠬᠦᠴᠦᠨ︾ ᠢ ᠪᠥᠬᠦ ᠬᠦᠴᠦᠨ ᠢᠶᠠᠷ ᠢᠶᠠᠨ ᠬᠥᠭᠵᠢᠭᠡᠵᠦ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠵᠤ ᠪᠠᠶᠢᠨ᠎ᠠ᠃ | ᠪᠠᠶᠠᠨᠬᠤᠸᠠ ᠶᠢᠨ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠨᠢ ᠰᠢᠯᠢ ᠶᠢᠨ ᠭᠤᠣᠯ ᠠᠶᠢᠮᠠᠭ ᠤᠨ | ᠪᠠᠶᠠᠨᠬᠤᠸᠠ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠪᠠᠶᠢᠷᠢᠯᠠᠵᠤ᠂ ᠨᠡᠭᠦᠷᠡᠰᠦ | ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠤᠯᠤᠰ ᠤᠨ ᠥᠮᠴᠢᠯᠡᠯ ᠤᠨ | ᠲᠣᠮᠣ ᠬᠡᠯᠪᠡᠷᠢ ᠶᠢᠨ ᠣᠳᠣᠬᠢᠴᠢᠯᠠᠭᠰᠠᠨ ᠵᠠᠳᠠᠭᠠᠢ ᠨᠡᠭᠦᠷᠡᠰᠦᠨ ᠠᠭᠤᠷᠬᠠᠢ ᠪᠣᠯᠣᠨ᠎ᠠ᠂ ᠮᠠᠨ ᠤ ᠤᠯᠤᠰ ᠤᠨ | ᠡᠨᠧᠷᠭᠢ ᠶᠢᠨ ᠭᠤᠣᠯᠳᠠᠯᠭ᠎ᠠ ᠲᠠᠢ ᠬᠥᠭᠵᠢᠭᠦᠯᠬᠦ ᠭᠠᠵᠠᠷ ᠣᠷᠣᠨ ᠤ 13 ᠲᠣᠮᠣ ᠬᠡᠯᠪᠡᠷᠢ ᠶᠢᠨ ᠨᠡᠭᠦᠷᠡᠰᠦᠨ ᠤ | ᠰᠠᠭᠤᠷᠢᠨ ᠤ ᠨᠢᠭᠡ ᠪᠣᠯᠬᠤ ᠮᠧᠩ ᠳ᠋ᠦᠩ ᠰᠠᠭᠤᠷᠢᠨ ᠭᠠᠵᠠᠷ ᠲᠤ ᠬᠠᠷᠢᠶᠠᠯᠠᠭᠳᠠᠵᠤ᠂ ᠵᠢᠯ ᠳᠤ 2000 ᠲᠦᠮᠡᠨ | ᠲᠣᠨ ᠨᠡᠭᠦᠷᠡᠰᠦ ᠦᠢᠯᠡᠳᠪᠦᠷᠢᠯᠡᠵᠦ᠂ ᠵᠡᠭᠦᠨ ᠬᠤᠶᠢᠲᠤ ᠣᠷᠣᠨ ᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ | ᠴᠢᠬᠤᠯᠠ ᠠᠵᠤ ᠠᠬᠤᠶᠢᠯᠠᠯ ᠪᠣᠯᠣᠨ᠎ᠠ᠃ | ᠣᠶᠢᠷ᠎ᠠ ᠶᠢᠨ ᠵᠢᠯ ᠤᠳ ᠲᠤ᠂ ᠲᠤᠰ ᠺᠣᠮᠫᠠᠨᠢ ᠪᠦᠬᠦ ᠵᠢᠯ ᠤᠨ ᠨᠡᠭᠦᠷᠡᠰᠦᠨ ᠤ ᠲᠣᠭᠲᠠᠭᠤᠨ ᠬᠠᠩᠭᠠᠯᠭ᠎ᠠ ᠶᠢ | ᠦᠨᠡᠨ ᠬᠦ ᠪᠠᠲᠤᠯᠠᠬᠤ ᠶᠢᠨ ᠲᠥᠯᠥᠭᠡ᠂ ᠲᠥᠬᠦᠭᠡᠷᠦᠮᠵᠢ ᠶᠢᠨ ᠬᠦᠢᠲᠡᠨ ᠢ ᠰᠡᠷᠭᠡᠶᠢᠯᠡᠬᠦ᠂ ᠬᠥᠯᠳᠡᠬᠦ ᠶᠢ ᠰᠡᠷᠭᠡᠶᠢᠯᠡᠬᠦ᠂ | ᠪᠠᠶᠢᠴᠠᠭᠠᠨ ᠵᠠᠰᠠᠵᠤ ᠬᠠᠮᠠᠭᠠᠯᠠᠬᠤ᠂ ᠨᠡᠭᠦᠷᠡᠰᠦ ᠶᠢ ᠪᠣᠯᠪᠠᠰᠤᠷᠠᠭᠤᠯᠤᠨ ᠬᠠᠳᠠᠭᠠᠯᠠᠬᠤ᠂ ᠲᠡᠷᠭᠡᠨ ᠳᠤ ᠠᠴᠢᠶᠠᠯᠠᠨ | ᠭᠠᠳᠠᠭᠰᠢ ᠲᠡᠭᠡᠭᠡᠪᠦᠷᠢᠯᠡᠬᠦ ᠵᠡᠷᠭᠡ ᠡᠯ᠎ᠡ ᠵᠦᠢᠯ ᠤᠨ ᠦᠢᠯᠡᠳᠪᠦᠷᠢᠯᠡᠯ ᠤᠨ ᠵᠠᠩᠭᠢᠯᠠᠭ᠎ᠠ ᠳᠤ ᠲᠤᠰᠬᠠᠢ ᠬᠥᠮᠥᠨ ᠤ | ᠲᠤᠰᠬᠠᠢ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠤ᠂ ᠡᠭᠦᠨ ᠤ ᠬᠠᠮᠲᠤ ᠭᠤᠮ ᠪᠦᠰᠡ ᠶᠢᠨ ᠣᠶᠤᠨᠲᠤ | ᠲᠣᠭᠤᠷᠢᠨ ᠪᠠᠶᠢᠴᠠᠭᠠᠬᠤ ᠮᠠᠰᠢᠨ ᠬᠥᠮᠥᠨ᠂ ᠮᠠᠰᠢᠨ ᠲᠡᠷᠭᠡᠨ ᠤ ᠮᠥᠷᠭᠦᠯᠳᠦᠬᠦ ᠠᠴᠠ ᠰᠡᠷᠭᠡᠶᠢᠯᠡᠬᠦ ᠲᠤᠰᠠᠯᠠᠬᠤ | ᠰᠢᠰᠲ᠋ᠧᠮ ᠵᠡᠷᠭᠡ ᠤᠬᠠᠭᠠᠯᠢᠭ ᠠᠷᠭ᠎ᠠ ᠪᠠᠷᠢᠯ ᠳᠤ ᠭᠦᠢᠴᠡᠳ ᠲᠦᠰᠢᠭᠯᠡᠵᠦ᠂ ᠭᠤᠣᠯᠳᠠᠯᠭ᠎ᠠ ᠲᠠᠢ ᠨᠡᠭᠦᠷᠡᠰᠦ | ᠳᠠᠮᠵᠢᠭᠤᠯᠬᠤ ᠭᠤᠮ ᠪᠦᠰᠡ ᠶᠢᠨ ᠰᠢᠰᠲ᠋ᠧᠮ᠂ ᠨᠡᠭᠦᠷᠡᠰᠦ ᠳᠠᠮᠵᠢᠭᠤᠯᠬᠤ ᠣᠷᠣᠨ ᠪᠦᠰᠡ ᠶᠢᠨ ᠳᠠᠭᠠᠯᠲᠠ | ᠲᠥᠬᠦᠭᠡᠷᠦᠮᠵᠢ᠂ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠵᠡᠷᠭᠡ ᠳᠤ 24 ᠴᠠᠭ ᠲᠠᠰᠤᠷᠠᠯ ᠦᠭᠡᠢ ᠲᠣᠭᠤᠷᠢᠨ | ᠪᠠᠶᠢᠴᠠᠭᠠᠯᠲᠠ ᠬᠢᠵᠦ᠂ 2024 ᠣᠨ ᠳᠤ ᠪᠠᠰᠠ ᠰᠢᠨ᠎ᠡ ᠪᠠᠷ ᠪᠠᠶᠢᠭᠤᠯᠤᠭᠰᠠᠨ ᠠᠦ᠋ᠲ᠋ᠣ᠋ ᠠᠴᠢᠶᠠᠯᠠᠪᠤᠷᠢ ᠶᠢᠨ | ᠲᠦᠷᠦᠯ ᠵᠦᠢᠯ ᠢ ᠠᠰᠢᠭᠯᠠᠯᠲᠠ ᠳᠤ ᠣᠷᠣᠭᠤᠯᠪᠠ᠃ ᠲᠤᠰ ᠲᠦᠷᠦᠯ ᠵᠦᠢᠯ ᠨᠢ ᠴᠣ᠋ ᠰᠢᠨ᠎ᠡ ᠬᠥᠮᠥᠨ ᠮᠠᠰᠢᠨ ᠤ | ᠰᠣᠯᠢᠯᠴᠠᠭᠠᠨ ᠤ ᠰᠢᠰᠲ᠋ᠧᠮ ᠢ ᠬᠡᠷᠡᠭᠯᠡᠵᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠤᠨ | ᠲᠣᠭᠲᠠᠭᠤᠨ ᠢᠶᠠᠷ ᠶᠠᠪᠤᠭᠳᠠᠬᠤ ᠶᠢ ᠲᠤᠶᠢᠯ ᠤᠨ ᠶᠡᠭᠡ ᠪᠠᠷ ᠪᠠᠲᠤᠯᠠᠪᠠ᠃ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ | ᠦᠢᠯᠡᠳᠪᠦᠷᠢᠯᠡᠯ᠂ ᠵᠥᠭᠡᠭᠡᠪᠦᠷᠢᠯᠡᠯᠲᠡ᠂ ᠤᠭᠰᠠᠷᠠᠯᠲᠠ ᠶᠢᠨ ᠪᠦᠬᠦ ᠬᠡᠯᠬᠢᠶᠡᠲᠦ ᠦᠢᠯᠡᠳᠪᠦᠷᠢᠯᠡᠯ ᠤᠨ ᠮᠡᠷᠭᠡᠰᠢᠯ ᠳᠤ᠂ | ᠲᠡᠭᠦᠨ ᠤ ᠠᠦ᠋ᠲ᠋ᠣᠴᠢᠯᠠᠭᠰᠠᠨ ᠡᠵᠡᠮᠰᠢᠯ ᠨᠢ ᠠᠵᠢᠯᠯᠠᠬᠤ ᠶᠠᠪᠤᠴᠠ ᠶᠢ ᠨᠡᠩ ᠣᠨᠣᠪᠴᠢᠲᠠᠢ ᠪᠥᠭᠡᠳ ᠲᠦᠷᠭᠡᠨ | ᠪᠣᠯᠭᠠᠵᠤ᠂ ᠬᠥᠮᠥᠨ ᠤ ᠬᠦᠴᠦ ᠪᠠᠷ ᠠᠵᠢᠯᠯᠠᠬᠤ ᠶᠢ ᠬᠦᠯᠢᠶᠡᠬᠦ ᠪᠠ ᠤᠳᠠᠭᠠᠰᠢᠷᠠᠭᠤᠯᠬᠤ ᠶᠢ ᠪᠠᠭᠠᠰᠬᠠᠪᠠ᠃ | 40 ᠲᠦᠮᠡᠨ ᠲᠣᠨ ᠤ ᠨᠡᠭᠦᠷᠡᠰᠦ ᠬᠠᠳᠠᠭᠠᠯᠠᠬᠤ ᠮᠠᠲ᠋ᠧᠷᠢᠶᠠᠯ ᠢ ᠪᠢᠲᠡᠭᠦᠮᠵᠢᠯᠡᠬᠦ ᠲᠠᠯᠠᠪᠠᠢ ᠳᠤ᠂ ᠬᠤᠶᠠᠷ | ᠤᠳᠬᠤᠭᠤᠷ ᠬᠦᠷᠳᠦᠲᠦ ᠮᠠᠰᠢᠨ ᠨᠢ ᠰᠢᠯᠭᠠᠨ ᠪᠠᠶᠢᠴᠠᠭᠠᠬᠤ᠂ ᠰᠢᠷᠪᠢᠬᠦ᠂ ᠣᠷᠣᠨ ᠪᠠᠶᠢᠷᠢ ᠲᠣᠭᠲᠠᠭᠠᠬᠤ᠂ ᠬᠢᠨᠠᠨ | ᠬᠠᠷᠭᠤᠭᠤᠯᠬᠤ᠂ ᠠᠮᠤᠷ ᠲᠦᠪᠰᠢᠨ ᠢ ᠬᠠᠮᠠᠭᠠᠯᠠᠬᠤ᠂ ᠥᠨᠳᠥᠷ ᠲᠣᠳᠣ ᠬᠠᠷᠠᠭᠠᠨ ᠳᠠᠪᠲᠠᠮᠵᠢ ᠪᠠᠷ ᠬᠢᠨᠠᠨ ᠠᠵᠢᠭᠯᠠᠬᠤ | ᠵᠡᠷᠭᠡ ᠲᠥᠬᠦᠭᠡᠷᠦᠮᠵᠢ ᠪᠠᠷ ᠳᠠᠮᠵᠢᠭᠤᠯᠤᠨ᠂ ᠪᠦᠬᠦ ᠶᠠᠪᠤᠴᠠ ᠶᠢ ᠠᠦ᠋ᠲ᠋ᠣᠴᠢᠯᠠᠨ ᠠᠵᠢᠯᠯᠠᠬᠤ ᠪᠠ ᠠᠯᠤᠰ ᠠᠴᠠ ᠬᠢᠨᠠᠨ | ᠬᠠᠮᠢᠶᠠᠷᠬᠤ ᠶᠢ ᠪᠡᠶᠡᠯᠡᠭᠦᠯᠵᠦ᠂ ᠨᠡᠭᠦᠷᠡᠰᠦ ᠲᠡᠭᠡᠭᠡᠪᠦᠷᠢᠯᠡᠬᠦ ᠪᠠ ᠭᠠᠳᠠᠭᠰᠢ ᠲᠡᠭᠡᠭᠡᠪᠦᠷᠢᠯᠡᠬᠦ ᠶᠢᠨ ᠲᠣᠭᠲᠠᠭᠤᠨ ᠢᠶᠠᠷ | ᠠᠵᠢᠯᠯᠠᠬᠤ ᠶᠢ ᠪᠠᠲᠤᠯᠠᠭᠰᠠᠨ ᠪᠠᠶᠢᠨ᠎ᠠ᠃ ᠲᠡᠷᠭᠡᠨ ᠥᠷᠲᠡᠭᠡᠨ ᠤ ᠠᠦ᠋ᠲ᠋ᠣ᠋ ᠠᠴᠢᠶᠠᠯᠠᠪᠤᠷᠢ ᠶᠢᠨ ᠰᠢᠰᠲ᠋ᠧᠮ ᠨᠢ | ᠥᠨᠳᠥᠷ ᠨᠠᠷᠢᠯᠢᠭ ᠬᠤᠣᠰ ᠭᠤᠯᠭᠤᠭᠤᠷ ᠣᠩᠭᠤᠴᠠ ᠪᠠᠷ ᠲᠦᠷᠭᠡᠨ ᠪᠥᠭᠡᠳ ᠲᠣᠭᠲᠠᠭᠰᠠᠨ ᠬᠡᠮᠵᠢᠶ᠎ᠡ ᠲᠠᠢ | ᠠᠴᠢᠶᠠᠯᠠᠨ᠂ ᠸᠠᠭᠤᠨ ᠢ ᠢᠯᠭᠠᠨ ᠲᠠᠨᠢᠬᠤ᠂ ᠲᠣᠭᠤᠰᠣ ᠰᠦᠷᠴᠢᠨ ᠰᠠᠴᠤᠬᠤ ᠶᠢ ᠬᠤᠷᠢᠭᠯᠠᠬᠤ᠂ ᠠᠦ᠋ᠲ᠋ᠣ᠋ | ᠠᠴᠢᠶᠠᠯᠠᠪᠤᠷᠢ ᠶᠢᠨ ᠪᠦᠬᠦ᠋ᠢᠯᠡ ᠭᠤᠭᠴᠤᠭ᠎ᠠ ᠶᠢ ᠠᠭᠤᠰᠤᠯᠴᠠᠭᠤᠯᠤᠨ ᠬᠤᠯᠪᠣᠯᠳᠤᠭᠤᠯᠵᠤ᠂ ᠨᠢᠭᠡᠨ ᠢᠵᠢ ᠴᠤᠤ | ᠰᠢᠨ᠎ᠡ ᠬᠥᠮᠥᠨ ᠮᠠᠰᠢᠨ ᠤ ᠰᠣᠯᠢᠯᠴᠠᠭᠠᠨ ᠤ ᠰᠢᠰᠲ᠋ᠧᠮ ᠢ ᠪᠥᠷᠢᠯᠳᠦᠭᠦᠯᠳᠡᠭ᠃ ᠲᠡᠷᠭᠡᠨ ᠳᠤ ᠲᠡᠭᠡᠭᠡᠬᠦ ᠶᠠᠪᠤᠴᠠ ᠳᠤ | ᠮᠠᠰᠢᠨ ᠲᠡᠷᠭᠡᠨ ᠤ ᠪᠠᠶᠢᠷᠢ ᠶᠢ ᠠᠦ᠋ᠲ᠋ᠣ᠋ ᠪᠠᠶᠢᠷᠢᠰᠢᠭᠤᠯᠬᠤ᠂ ᠭᠤᠯᠭᠤᠭᠤᠷ ᠣᠩᠭᠤᠴᠠ ᠪᠠᠷ ᠳᠡᠭᠡᠭᠰᠢ ᠳᠣᠷᠣᠭᠰᠢ | ᠪᠠᠭᠤᠯᠭᠠᠬᠤ᠂ ᠬᠠᠭᠠᠯᠲᠠ ᠶᠢᠨ ᠬᠠᠪᠲᠠᠰᠤ ᠶᠢᠨ ᠨᠡᠭᠡᠭᠡᠯᠭᠡ᠂ ᠲᠣᠭᠤᠰᠣ ᠬᠤᠷᠢᠭᠯᠠᠬᠤ ᠡᠳ᠋ ᠢ ︽5 ᠠᠦ᠋ᠲ᠋ᠣ᠋︾ | ᠴᠤᠪᠤᠷᠠᠯ ᠢᠶᠠᠷ ᠳᠡᠮᠵᠢᠨ᠂ ᠪᠦᠬᠦᠯᠢ ᠭᠠᠯᠲᠤ ᠲᠡᠷᠭᠡᠨ ᠤ ᠣᠶᠤᠨᠴᠢᠯᠠᠭᠰᠠᠨ ᠠᠴᠢᠶᠠᠯᠠᠬᠤ ᠪᠥᠬᠦ ᠠᠵᠢᠯᠯᠠᠭ᠎ᠠ ᠶᠢ | ᠪᠡᠶᠡᠯᠡᠭᠦᠯᠦᠨ᠎ᠡ᠃ | ᠣᠶᠢᠷ᠎ᠠ ᠶᠢᠨ ᠵᠢᠯ ᠳᠤ᠂ ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠤᠷᠢᠳ ᠬᠤᠵᠢᠳ | 7000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠣᠶᠤᠨᠴᠢᠯᠠᠭᠰᠠᠨ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠥᠮᠥᠨ ᠢ ᠴᠥᠭᠡᠳᠬᠡᠬᠦ᠂ ᠠᠮᠤᠷ ᠲᠦᠪᠰᠢᠨ ᠢ | ᠨᠡᠮᠡᠭᠳᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠡᠬᠢᠯᠡᠯᠲᠡ ᠪᠣᠯᠭᠠᠵᠤ᠂ ᠣᠳᠣᠬᠢᠴᠢᠯᠠᠭᠰᠠᠨ | ᠣᠶᠤᠨᠴᠢᠯᠠᠭᠰᠠᠨ ᠵᠠᠳᠠᠭᠠᠢ ᠠᠭᠤᠷᠬᠠᠢ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠶᠡᠬᠡᠪᠡᠷ | ᠬᠡᠷᠡᠭᠵᠢᠭᠦᠯᠦᠨ᠂ ᠵᠠᠳᠠᠭᠠᠢ ᠨᠡᠭᠦᠷᠡᠰᠦᠨ ᠠᠭᠤᠷᠬᠠᠢ ᠶᠢᠨ ︽ᠣᠶᠤᠨᠴᠢᠯᠠᠭᠰᠠᠨ ᠠᠮᠤᠷ ᠲᠦᠪᠰᠢᠨ ᠤ ᠰᠡᠷᠭᠡᠶᠢᠯᠡᠯᠲᠡ︾ | ᠶᠢᠨ ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ | ᠥᠨᠳᠥᠷ ᠪᠦᠲᠦᠮᠵᠢᠲᠡᠶ ᠣᠶᠤᠨᠴᠢᠯᠠᠭᠰᠠᠨ ᠨᠡᠭᠡᠭᠡᠨ ᠮᠠᠯᠲᠠᠬᠤ ᠳᠤ ᠮᠠᠰᠢ ᠣᠯᠠᠨ ᠠᠰᠢᠭᠲᠠᠢ ᠨᠦᠭᠦᠴᠡᠯ ᠬᠠᠩᠭᠠᠪᠠ᠃ | |