ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠴᠢᠨᠠᠭᠰᠢᠳᠠ ᠪᠠᠲᠤᠳᠬᠠᠬᠤ ᠶᠢᠨ ᠲᠥᠯᠥᠭᠡ᠂ | ᠣᠶᠢᠷ᠎ᠠ ᠶᠢᠨ ᠡᠳᠦᠷ᠂ ᠵᠢᠷ ᠤᠨ ᠭᠤᠣᠯ ᠪᠠᠯᠭᠠᠰᠤᠨ ᠤ ᠬᠥᠬᠡᠰᠢᠯᠢ ᠭᠠᠴᠠᠭ᠎ᠠ 2024 ᠣᠨ ᠤ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ | ᠡᠷᠭᠢᠯᠡᠵᠦ᠂ ᠨᠠᠮ ᠤᠨ ᠭᠡᠰᠢᠭᠦᠨ ᠬᠤᠷᠠᠯ ᠳᠤ ᠣᠷᠣᠯᠴᠠᠵᠠᠢ᠃ | | ᠬᠤᠷᠠᠯ ᠠᠴᠠ ᠡᠮᠦᠨ᠎ᠡ᠂ ᠭᠠᠴᠠᠭᠠᠨ ᠤ ᠨᠠᠮ ᠤᠨ ᠡᠭᠦᠷ ᠤᠨ ᠱᠦᠵᠢ ᠤᠯᠠᠨ ᠢ ᠳᠠᠭᠠᠭᠤᠯᠤᠨ ᠶᠡᠷᠦᠩᠬᠡᠢ ᠱᠦᠵᠢ | ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶ᠎ᠠ᠂ ︽ | ᠵᠥᠪ ᠣᠨᠣᠪᠴᠢᠲᠠᠢ ᠦᠨᠳᠦᠰᠦᠲᠡᠨ ᠤ ᠦᠵᠡᠯᠲᠡ ᠦᠢᠯᠡᠳᠦᠯᠭᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ | ᠡᠮᠬᠢᠳᠬᠡᠯ︾ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠵᠠᠢ᠃ | | ᠬᠤᠷᠠᠯ ᠳᠡᠭᠡᠷ᠎ᠡ᠂ ᠳᠡᠭᠡᠷ᠎ᠡ ᠨᠢᠭᠡ ᠵᠢᠯ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ | ᠠᠰᠠᠭᠤᠳᠠᠯ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ | ᠮᠡᠳᠡᠭᠳᠡᠵᠦ᠂ ᠨᠠᠮ ᠤᠨ ᠡᠭᠦᠷ ᠤᠨ ᠱᠦᠵᠢ ᠨᠠᠮ ᠤᠨ ᠡᠭᠦᠷ ᠤᠨ ᠭᠡᠰᠢᠭᠦᠳ ᠢ ᠲᠥᠯᠥᠭᠡᠯᠡᠨ ᠬᠠᠷᠢᠴᠠᠭᠤᠯᠤᠭᠰᠠᠨ | ᠪᠠᠶᠢᠴᠠᠭᠠᠯᠳᠠ ᠬᠢᠵᠦ᠂ ᠨᠠᠮ ᠤᠨ ᠡᠭᠦᠷ ᠤᠨ ᠤᠳᠤᠷᠢᠳᠬᠤ ᠪᠠᠭ᠂ ᠪᠦᠬᠦ ᠨᠠᠮ ᠤᠨ ᠭᠡᠰᠢᠭᠦᠨ ᠲᠡᠰ ᠳᠠᠷᠠᠭᠠᠯᠠᠨ | ᠶᠠᠷᠢᠶ᠎ᠠ ᠲᠠᠯᠪᠢᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠨᠡᠨᠴᠢ ᠪᠥᠭᠡᠳ ᠲᠥᠪ ᠴᠢᠩᠭ᠎ᠠ ᠰᠢᠭᠦᠮᠵᠢᠯᠡᠯ | ᠪᠠ ᠥᠪᠡᠷ ᠤᠨ ᠰᠢᠭᠦᠮᠵᠢᠯᠡᠯ ᠢ ᠨᠢᠭᠡᠳ ᠨᠢᠭᠡ ᠪᠠᠷ ᠥᠷᠨᠢᠭᠦᠯᠪᠡ᠃ ᠬᠤᠷᠠᠯ ᠠᠴᠠ 2024 ᠣᠨ ᠤ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠠᠷᠠᠳᠴᠢᠯᠠᠭᠰᠠᠨ ᠦᠨᠡᠯᠡᠯᠲᠡ ᠪᠣᠯᠣᠨ ᠪᠦᠬᠦ ᠨᠠᠮ ᠤᠨ | ᠭᠡᠰᠢᠭᠦᠨ ᠳᠤ ᠠᠷᠠᠳᠴᠢᠯᠠᠭᠰᠠᠨ ᠦᠨᠡᠯᠡᠯᠲᠡ ᠬᠢᠵᠡᠢ᠃ | ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠨᠢ ᠭᠠᠴᠠᠭᠠᠨ ᠤ ᠨᠠᠮ ᠤᠨ | ᠡᠭᠦᠷ ᠤᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠪᠦᠲᠦᠮᠵᠢᠲᠡᠶ | ᠴᠢᠩᠭᠠᠳᠬᠠᠵᠤ᠂ ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠪᠠ ᠬᠠᠷᠢᠭᠤᠴᠠᠯᠭᠠᠲᠤ ᠤᠬᠠᠮᠰᠠᠷ ᠢ | ᠳᠡᠭᠡᠭᠰᠢᠯᠡᠭᠦᠯᠦᠭᠰᠡᠨ ᠪᠠᠶᠢᠨ᠎ᠠ᠃ ᠬᠥᠬᠡᠰᠢᠯᠢ ᠭᠠᠴᠠᠭ᠎ᠠ ᠨᠢ ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠢᠶᠠᠷ ᠡᠬᠢᠯᠡᠯᠲᠡ ᠪᠣᠯᠭᠠᠵᠤ᠂ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠭᠠᠴᠠᠭᠠᠨ ᠤ 2025 ᠣᠨ ᠤ ᠡᠯ᠎ᠡ ᠵᠦᠢᠯ ᠤᠨ ᠠᠵᠢᠯ ᠢ ᠲᠦᠯᠬᠢᠨ ᠠᠬᠢᠭᠤᠯᠬᠤ ᠪᠣᠯᠣᠨ᠎ᠠ᠃ |