ᠪᠠᠶᠠᠨᠬᠤᠸᠠ ᠪᠠᠯᠭᠠᠰᠤ ᠭᠠᠴᠠᠭᠠᠨ ᠤ ︽ᠪᠡᠯᠡ ᠮᠥᠩᠭᠦ᠂ ᠡᠬᠢ ᠪᠠᠶᠠᠯᠢᠭ︾ ᠤᠨ ᠬᠠᠮᠢᠶᠠᠷᠤᠯᠲᠠ ᠶᠢᠨ ᠥᠪᠡᠷ ᠤᠨ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2025/3/18
    ᠦᠨᠳᠦᠰᠦᠨ ᠱᠠᠲᠤᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠥᠪᠡᠷ ᠢ ᠪᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠪᠠᠶᠠᠨᠬᠤᠸᠠ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠬᠢᠭᠡᠳ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠬᠠᠮᠲᠤᠷᠠᠨ ᠭᠠᠴᠠᠭᠠᠨ ᠤ ︽ᠭᠤᠷᠪᠠᠨ ᠪᠡᠯᠡ ᠮᠥᠩᠭᠦ︾ ᠶᠢᠨ ᠬᠠᠮᠢᠶᠠᠷᠤᠯᠲᠠ ᠶᠢᠨ ᠥᠪᠡᠷ ᠢ ᠪᠠᠨ ᠪᠠᠶᠢᠴᠠᠭᠠᠬᠤ ᠠᠵᠢᠯ ᠥᠷᠨᠢᠭᠦᠯᠬᠦ ᠶᠢ ᠵᠢᠯᠣᠭᠤᠳᠪᠠ᠃    ᠠᠵᠢᠯ ᠤᠨ ᠥᠨᠳᠥᠷ ᠦᠷ᠎ᠡ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠴᠠᠭ ᠲᠤᠬᠠᠢ ᠳᠤᠨᠢ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠡᠯ᠎ᠡ ᠭᠠᠴᠠᠭ᠎ᠠ ᠨᠡᠶᠢᠲᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠭᠠᠴᠠᠭ᠎ᠠ ᠲᠣᠰᠬᠤᠨ ᠤ ︽ᠭᠤᠷᠪᠠᠨ ᠪᠡᠯᠡ︾ ᠶᠢᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠪᠥᠬᠦ ᠲᠠᠯ᠎ᠠ ᠪᠠᠷ ᠥᠪᠡᠷ ᠲᠡᠭᠡᠨ ᠪᠠᠶᠢᠴᠠᠭᠠᠬᠤ ᠶᠢ ᠨᠢᠭᠡ ᠳᠤ ᠨᠢᠭᠡ ᠪᠠᠷ ᠵᠢᠯᠣᠭᠤᠳᠪᠠ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠢᠯᠲᠠᠨ ᠤ ᠲᠤᠰᠬᠠᠢ ᠵᠢᠯᠣᠭᠤᠳᠤᠯᠭ᠎ᠠ ᠳᠣᠣᠷ᠎ᠠ᠂ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠭᠠᠴᠠᠭᠠᠨ ᠤ ᠬᠠᠮᠲᠤ ᠶᠢᠨ ᠡᠳ᠋ ᠬᠥᠷᠥᠩᠭᠡ᠂ ᠪᠡᠯᠡ ᠮᠥᠩᠭᠦ᠂ ᠡᠬᠢ ᠪᠠᠶᠠᠯᠢᠭ ᠢ ᠨᠢᠭᠡ ᠨᠢᠭᠡ ᠪᠠᠷ ᠪᠥᠬᠦ ᠲᠠᠯ᠎ᠠ ᠪᠠᠷ ᠡᠮᠬᠢᠯᠡᠬᠦ ᠪᠠ ᠬᠠᠷᠭᠤᠭᠤᠯᠤᠨ ᠪᠠᠶᠢᠴᠠᠭᠠᠪᠠ᠃ ᠡᠭᠦᠨ ᠤ ᠬᠠᠮᠲᠤ᠂ ᠭᠤᠷᠪᠠᠳᠠᠭᠢ ᠡᠲᠡᠭᠡᠳ ᠤᠨ ᠬᠢᠨᠠᠨ ᠪᠤᠳᠤᠬᠤ ᠺᠣᠮᠫᠠᠨᠢ ᠶᠢᠨ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ᠂ ᠠᠰᠠᠭᠤᠳᠠᠯ ᠢ ᠨᠠᠷᠢᠯᠢᠭ ᠤᠨᠤᠪᠴᠢᠳᠠᠢ ᠪᠠᠷ ᠰᠤᠳᠤᠯᠤᠨ ᠮᠠᠭᠠᠳᠯᠠᠵᠤ᠂ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠬᠤ ᠶᠢᠨ ᠬᠠᠮᠲᠤ᠂ ᠭᠠᠴᠠᠭ᠎ᠠ ᠶᠢ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃    ᠠᠵᠢᠯᠯᠠᠬᠤ ᠳᠤᠭᠤᠶᠢᠯᠠᠩ ᠤᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠲᠣᠰ ᠤᠳᠠᠭᠠᠨ ᠤ ᠭᠠᠴᠠᠭᠠᠨ ᠤ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠨᠢ ᠲᠥᠪ ᠪᠤᠰᠤ ᠰᠤᠷᠲᠠᠯ ᠢ ᠴᠠᠭ ᠲᠤᠬᠠᠢ ᠳᠤᠨᠢ ᠬᠤᠷᠢᠭᠯᠠᠭᠰᠠᠨ ᠤ ᠬᠠᠮᠲᠤ ᠭᠠᠴᠠᠭᠠᠨ ᠤ ᠬᠠᠮᠲᠤ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠶᠢᠨ ᠬᠢᠨ ᠡᠨᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠪᠠᠶᠢᠴᠠᠭᠠᠵᠤ᠂ ᠦᠨᠳᠦᠰᠦᠨ ᠱᠠᠲᠤᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠪᠦᠬᠦ ᠪᠠᠯᠭᠠᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号