ᠶᠣᠣ ᠬᠤᠩ ᠭᠠᠩ ᠬᠤᠰᠢᠭᠤ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/19
   3 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠰᠢᠭᠤ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠠᠨ ᠬᠤᠷᠠᠯᠳᠤᠭᠤᠯᠵᠤ᠂ ᠡᠯᠡᠰᠦ ᠶᠢ ᠰᠡᠷᠭᠡᠶᠢᠯᠡᠨ ᠵᠠᠰᠠᠬᠤ᠂ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠵᠢᠴᠢ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠠᠯᠠᠪᠠᠶ ᠶᠢᠨ ᠵᠢᠷᠤᠭ ᠲᠥᠯᠥᠪᠯᠡᠭᠡ ᠶᠢ ᠲᠥᠯᠥᠪᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠨᠠᠷᠢᠨ ᠨᠢᠭᠲᠠ ᠪᠠᠶᠢᠷᠢᠯᠠᠭᠤᠯᠤᠯᠲᠠ ᠬᠢᠵᠡᠢ᠃   ᠶᠣᠣ ᠬᠤᠩ ᠭᠠᠩ ᠴᠢᠬᠤᠯᠠᠴᠢᠯᠠᠬᠤ ᠳᠠᠭᠠᠨ᠂ ᠡᠯᠡᠰᠦ ᠶᠢ ᠰᠡᠷᠭᠡᠶᠢᠯᠡᠨ ᠵᠠᠰᠠᠬᠤ ᠠᠵᠢᠯ ᠳᠤ ᠲᠦᠷᠦᠯ ᠵᠦᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠠᠵᠠᠷ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢ ᠵᠠᠰᠠᠬᠤ ᠳᠤ ᠠᠩᠬᠠᠷᠤᠯ ᠢᠶᠠᠨ ᠲᠦᠪᠯᠡᠷᠡᠭᠦᠯᠦᠨ᠂ ᠡᠯᠡᠰᠦ ᠶᠢ ᠰᠡᠷᠭᠡᠶᠢᠯᠡᠨ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠣᠯᠣᠨ ᠠᠵᠤ ᠦᠢᠯᠡᠰ ᠤᠨ ᠠᠭᠤᠰᠤᠯᠴᠠᠯ ᠢ ᠴᠢᠩᠭᠠᠳᠬᠠᠵᠤ᠂ ᠲᠡᠷᠢᠭᠦᠨ ᠤ ᠮᠡᠷᠭᠡᠵᠢᠯ ᠤᠨ ᠬᠡᠷᠡᠭᠯᠡᠭᠡ ᠵᠢᠴᠢ ᠮᠠᠰᠢᠨ ᠲᠥᠬᠦᠭᠡᠷᠦᠮᠵᠢ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠴᠢᠬᠢ ᠮᠣᠳᠣ᠂ ᠮᠠᠲ᠋ᠧᠷᠢᠶᠠᠯ ᠵᠡᠷᠭᠡ ᠡᠬᠢ ᠪᠠᠶᠠᠯᠢᠭ ᠢ ᠤᠷᠢᠳᠴᠢᠯᠠᠨ ᠨᠥᠭᠡᠴᠡᠯᠡᠬᠦ ᠬᠡᠷᠡᠭᠲᠡᠢ᠃ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠠᠮᠢ ᠠᠬᠤᠢ ᠶᠢᠨ ᠠᠵᠤ ᠦᠢᠯᠡᠰ ᠢ ᠬᠥᠭᠵᠢᠭᠦᠯᠵᠦ᠂ ᠡᠯᠡᠰᠦ ᠶᠢ ᠵᠠᠰᠠᠬᠤ ᠪᠠ ᠴᠡᠪᠡᠷ ᠡᠨᠧᠷᠭᠢ ᠶᠢᠨ ᠠᠵᠤ ᠦᠢᠯᠡᠰ ᠤᠨ ᠬᠠᠮᠵᠢᠯᠴᠠᠭ᠎ᠠ ᠶᠢ ᠠᠬᠢᠭᠤᠯᠤᠨ᠂ ᠡᠯᠡᠰᠦ ᠶᠢ ᠵᠠᠰᠠᠬᠤ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠬᠦ ᠬᠡᠷᠡᠭᠲᠡᠢ᠃ ᠲᠤᠰ ᠭᠠᠵᠠᠷ ᠤᠨ ᠠᠵᠤ ᠠᠬᠤᠶᠢᠯᠠᠯ ᠪᠣᠯᠣᠨ ᠮᠠᠯᠴᠢᠨ ᠲᠦᠮᠡᠨ ᠤ ᠡᠯᠡᠰᠦ ᠶᠢ ᠵᠠᠰᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠵᠠᠰᠠᠯᠲᠠ ᠶᠢᠨ ᠥᠪᠡᠷ ᠤᠨ ᠦᠷᠳᠡᠭ ᠢ ᠪᠠᠭᠤᠷᠠᠭᠤᠯᠬᠤ ᠶᠢᠨ ᠬᠠᠮᠲᠤ ᠬᠡᠪᠴᠢᠶ᠎ᠡ ᠶᠢ ᠨᠢ ᠥᠷᠭᠡᠳᠬᠡᠵᠦ᠂ ᠦᠵᠦᠮᠦᠴᠢᠨ ᠳᠠᠬᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠣᠨ ᠤ ᠡᠭᠦᠷᠭᠡ  ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃    ᠶᠣᠣ ᠬᠤᠩ ᠭᠠᠩ ᠵᠢᠭᠠᠵᠤ ᠭᠠᠷᠭᠠᠭᠰᠠᠨ ᠨᠢ᠂ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠪᠣᠯ ᠲᠥᠷᠥᠯ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠪᠠᠶᠢᠵᠤ᠂ ᠲᠥᠷᠥᠯ ᠵᠦᠢᠯ ᠢ ᠤᠷᠤᠭᠰᠢᠲᠠᠢ ᠠᠬᠢᠭᠤᠯᠵᠤ ᠳᠡᠶᠢᠯᠬᠦ ᠡᠰᠡᠬᠦ ᠲᠠᠢ ᠬᠤᠯᠪᠣᠭᠳᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠨᠥᠯᠥᠭᠡᠯᠡᠵᠦ ᠪᠠᠶᠢᠳᠠᠭ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠨᠢ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠲᠣᠭᠲᠠᠴᠠ ᠪᠠᠷ ᠳᠠᠮᠵᠢᠭᠤᠯᠤᠨ ᠲᠥᠷᠥᠯ ᠵᠦᠢᠯ ᠤᠨ ᠠᠬᠢᠴᠠ ᠶᠢ ᠴᠠᠭ ᠲᠤᠬᠠᠢ ᠳᠤᠨᠢ ᠮᠥᠷᠳᠡᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠬᠢᠷᠠᠭᠤᠯᠤᠨ ᠡᠷᠴᠢᠮᠲᠠᠢ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠤᠨᠳᠤᠬᠢ ᠬᠠᠮᠵᠢᠯᠴᠠᠭ᠎ᠠ ᠶᠢ ᠴᠢᠩᠭᠠᠳᠬᠠᠵᠤ᠂ ᠴᠢᠬᠤᠯᠠ ᠡᠯᠧᠮᠧᠨ᠋ᠲ ᠢ ᠬᠠᠮᠲᠤᠷᠠᠨ ᠬᠢᠨᠠᠵᠤ ᠬᠠᠮᠲᠤᠪᠠᠷ ᠵᠥᠪᠰᠢᠶᠡᠷᠡᠬᠦ ᠶᠢ ᠴᠢᠩᠭᠠᠳᠬᠠᠨ᠂ ᠶᠠᠪᠤᠴᠠ ᠶᠢ ᠳᠥᠭᠦᠮᠴᠢᠯᠡᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠂ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠨᠡᠮᠡᠭᠳᠡᠯ ᠤᠨ ᠬᠤᠷᠳᠤᠴᠠ ᠶᠢ  ᠬᠦᠴᠦᠯᠡᠨ ᠠᠬᠢᠭᠤᠯᠵᠤ᠂ ᠲᠦᠷᠦᠯ ᠵᠦᠢᠯ ᠢ ᠡᠷᠲᠡᠬᠡᠨ ᠡᠬᠢᠯᠡᠭᠦᠯᠦᠨ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃    ᠶᠣᠣ ᠬᠤᠩ ᠭᠠᠩ ᠱᠠᠭᠠᠷᠳᠠᠭᠰᠠᠨ ᠨᠢ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠠᠯᠠᠪᠠᠢ ᠶᠢᠨ ᠵᠢᠷᠤᠭ ᠲᠥᠯᠥᠪᠯᠡᠭᠡ ᠶᠢ ᠲᠥᠯᠥᠪᠯᠡᠬᠦ ᠳᠡᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠬᠤᠪᠢᠰᠬᠠᠯᠲᠤ ᠤᠯᠠᠮᠵᠢᠯᠠᠯ ᠢ ᠴᠢᠩᠭ᠎ᠠ ᠠᠳᠬᠤᠵᠤ᠂ ᠲᠥᠪ ᠬᠢᠴᠢᠶᠡᠩᠭᠦᠢ ᠴᠢᠨᠠᠷ ᠪᠣᠯᠣᠨ ᠣᠳᠣᠬᠢᠴᠢᠯᠠᠭᠰᠠᠨ ᠴᠢᠨᠠᠷ ᠢ ᠬᠠᠮᠲᠤ ᠳᠤᠨᠢ ᠴᠢᠬᠤᠯᠠᠴᠢᠯᠠᠵᠤ᠂ ᠨᠠᠮ ᠤᠨ ᠤᠳᠤᠷᠢᠳᠤᠯᠭ᠎ᠠ ᠳᠣᠣᠷᠠᠬᠢ ᠮᠠᠨ ᠤ ᠬᠤᠰᠢᠭᠤᠨ ᠤ ᠬᠤᠪᠢᠰᠬᠠᠯᠲᠤ ᠲᠡᠮᠡᠴᠡᠯ ᠤᠨ ᠲᠡᠦᠬᠡ ᠶᠢ ᠰᠢᠰᠲ᠋ᠧᠮ ᠲᠠᠢ ᠢᠯᠡᠷᠡᠭᠦᠯᠵᠦ᠂ ᠲᠡᠦᠬᠡ ᠶᠢᠨ ᠠᠭᠤᠯᠬᠤᠨ ᠲᠣᠳᠣᠷᠬᠠᠢ᠂ ᠤᠯᠤᠰ ᠲᠦᠷᠦ ᠶᠢᠨ ᠤᠳᠤᠷᠢᠳᠤᠮᠵᠢ ᠢᠯᠡ ᠲᠣᠳᠣ ᠪᠠᠶᠢᠬᠤ ᠶᠢ ᠪᠠᠲᠤᠯᠠᠵᠤ᠂ ᠠᠷᠠᠯᠵᠢᠶ᠎ᠠ ᠬᠤᠳᠠᠯᠳᠤᠭ᠎ᠠ ᠪᠤᠶᠤ ᠵᠤᠭ᠎ᠠ ᠴᠡᠩᠭᠡᠯ ᠤᠨ ᠬᠡᠯᠪᠡᠷᠢ ᠲᠡᠶᠢᠰᠢ ᠬᠡᠯᠪᠡᠶᠢᠬᠦ ᠠᠴᠠ ᠡᠷᠡᠰ ᠰᠡᠷᠭᠡᠶᠢᠯᠡᠬᠦ ᠬᠡᠷᠡᠭᠲᠡᠢ᠃ ᠮᠠᠨ ᠤ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠦᠶᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ᠲᠡᠦᠬᠡ ᠶᠢᠨ ᠮᠠᠲ᠋ᠧᠷᠢᠶᠠᠯ᠂ ᠲᠡᠦᠬᠡ ᠶᠢᠨ ᠳᠤᠷᠠᠰᠬᠠᠯᠲᠤ ᠵᠦᠢᠯᠡᠰ ᠢ ᠴᠢᠩᠭ᠎ᠠ ᠬᠢᠨᠠᠨ ᠬᠠᠷᠭᠤᠭᠤᠯᠵᠤ᠂ ᠪᠣᠳᠠᠲᠤ ᠭᠡᠷᠡᠴᠢ ᠪᠠᠷ ᠲᠡᠦᠬᠡ ᠶᠢᠨ ᠢᠲᠡᠭᠡᠭᠦᠯᠬᠦ ᠬᠦᠴᠦᠨ ᠢ ᠴᠢᠩᠭᠠᠷᠠᠭᠤᠯᠤᠨ᠂ ᠦᠨᠡᠨ ᠪᠣᠳᠠᠲᠤ ᠴᠢᠨᠠᠷ ᠢ ᠳᠡᠯᠭᠡᠨ ᠦᠵᠡᠭᠦᠯᠬᠦ ᠶᠢ ᠪᠠᠷᠢᠮᠲᠠᠯᠠᠵᠤ᠂ ᠴᠢᠬᠤᠯᠠ ᠶᠡᠭᠡ ᠲᠡᠦᠬᠡᠨ ᠬᠡᠷᠡᠭ ᠶᠠᠪᠤᠳᠠᠯ᠂ ᠪᠠᠭᠠᠲᠤᠷᠯᠢᠭ ᠬᠥᠮᠥᠰ ᠤᠨ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠳᠡᠯᠭᠡᠨ ᠦᠵᠡᠭᠦᠯᠵᠦ᠂ ᠭᠠᠵᠠᠷ ᠣᠷᠣᠨ ᠤ ᠣᠨᠴᠠᠯᠢᠭ ᠢ ᠳᠣᠪᠣᠶᠢᠯᠭᠠᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号