ᠨᠢᠭᠡᠳᠦᠭᠡᠷ ᠵᠦᠢᠯ ᠮᠠᠨ ᠤ ᠬᠤᠰᠢᠭᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠪᠦᠷᠢᠨᠰᠢᠬᠦᠯᠦᠨ᠂ ᠣᠷᠣᠨ | ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠲᠡᠭᠡᠮᠵᠢ ᠶᠢᠨ ᠬᠢᠨᠠᠯᠲᠠ ᠂ ᠤᠴᠢᠷ ᠶᠠᠪᠤᠳᠠᠯ ᠤᠨ | ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠶᠢ ᠴᠢᠩᠭᠠᠳᠬᠠᠬᠤ ᠶᠢᠨ ᠳᠦᠯᠦᠭᠡ᠂ ︽ᠨᠡᠶᠢᠭᠡᠮ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠢᠲᠡᠭᠡᠮᠵᠢ ᠪᠠᠷ ᠰᠠᠭᠤᠷᠢ ᠪᠣᠯᠭᠠᠭᠰᠠᠨ | ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ᠠᠯᠪᠠᠨ ﹇2019﹈ 35 | ᠳ᠋ᠤᠭᠠᠷ ᠲᠣᠭᠠᠲᠤ︶᠂ ︽ᠢᠲᠡᠭᠡᠮᠵᠢ ᠠᠯᠳᠠᠬᠤ ᠶᠢ ᠬᠢᠵᠠᠭᠠᠷᠯᠠᠬᠤ ᠳᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ | ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 49 ᠳ᠋ᠤᠭᠡᠷ ᠲᠣᠭᠠᠲᠤ︶ ᠢ ᠦᠨᠳᠦᠰᠦᠯᠡᠨ᠂ ︽ | ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠲᠤ | ᠲᠦᠰᠢᠭᠯᠡᠨ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ᠂ | ᠢᠲᠡᠭᠡᠮᠵᠢᠲᠦ ᠳᠤᠮᠳᠠᠳᠤ ᠤᠯᠤᠰ ︵ᠰᠢᠯᠢ ᠶᠢᠨ ᠭᠤᠣᠯ︶᠂ ᠥᠪᠡᠷᠲᠡᠭᠡᠨ ᠵᠠᠰᠠᠬᠤ ᠣᠷᠣᠨ ᠤ ᠣᠶᠤᠨᠲᠤ | ᠪᠠᠷᠢᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠵᠡᠷᠭᠡ ᠲᠠᠪᠴᠠᠩ ᠢ | ᠠᠰᠢᠭᠯᠠᠵᠤ᠂ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠯᠲᠠ | ᠪᠠᠶᠢᠴᠠᠭᠠᠯᠲᠠ ᠶᠢᠨ ᠦᠷ᠎ᠡ ᠳ᠋ᠦᠩ ᠢ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠵᠤ᠂ ᠴᠤᠭᠯᠠᠭᠤᠯᠬᠤ᠂ | ᠵᠠᠷᠯᠠᠨ ᠨᠡᠶᠢᠲᠡᠯᠡᠵᠦ᠂ ᠤᠯᠠᠭᠠᠨ ᠬᠠᠷ᠎ᠠ ᠲᠠᠩᠰᠠ ᠶᠢᠨ ᠳᠦᠷᠢᠮ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ | ᠪᠠ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠤ | ᠠᠬᠤᠶᠢᠯᠠᠯ ᠤᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠤᠬᠠᠮᠰᠠᠷ ᠢ ᠳᠡᠭᠡᠭᠰᠢᠯᠡᠭᠦᠯᠦᠨ᠂ ᠲᠥᠪ ᠭᠤᠥᠯᠴᠢ ᠪᠠᠷ | ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠬᠠᠤᠯᠢ ᠪᠠᠷ ᠵᠠᠰᠠᠬᠤ᠂ ᠲᠥᠬᠦᠮ ᠦᠵᠡᠭᠦᠯᠬᠦ | ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠳᠦᠯᠦᠭᠡ᠂ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢᠶᠠᠷ ᠳᠡᠮᠵᠢᠨ ᠰᠤᠳᠤᠯᠤᠨ ᠲᠣᠭᠲᠠᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ | ᠳᠦᠷᠢᠮ ᠢ ᠣᠨᠴᠠᠭᠠᠶᠢᠯᠠᠨ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠢᠲᠡᠭᠡᠮᠵᠢ ᠶᠢ ᠲᠠᠰ ᠬᠤᠪᠢᠶᠠᠨ ᠬᠠᠮᠢᠶᠠᠷᠬᠤ ᠭᠡᠳᠡᠭ | ᠨᠢ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠷᠣᠨ ᠰᠠᠭᠤᠴᠠ ᠪᠠ | ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ︵ᠪᠠᠷᠢᠯᠭ᠎ᠠ ᠶᠢᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ᠂ | ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ᠂ ᠤᠰᠤ ᠬᠠᠩᠭᠠᠬᠤ ᠤᠰᠤ ᠵᠠᠯᠠᠬᠤ ᠬᠠᠮᠢᠶᠠᠷᠤᠯᠲᠠ ᠶᠢᠨ | ᠬᠦᠷᠢᠶ᠎ᠡ ᠴᠠᠷᠠᠭ᠎ᠠ᠂ ᠢᠯᠴᠢ ᠬᠠᠩᠭᠠᠬᠤ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ᠂ ᠠᠳᠠᠯ ᠠᠬᠤᠢ ᠶᠢᠨ | ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ︶ ᠶᠢᠨ ᠠᠵᠢᠯ | ᠡᠷᠭᠢᠯᠡᠬᠦ ᠨᠢᠭᠡᠴᠡ ᠳᠤ ᠶᠡᠷᠦᠩᠬᠡᠶᠢᠯᠡᠭᠰᠡᠨ ᠢᠲᠡᠭᠡᠮᠵᠢ ᠶᠢᠨ ᠦᠨᠡᠯᠡᠯᠲᠡ ᠶᠢ ᠲᠠᠰ ᠬᠤᠪᠢᠶᠠᠬᠤ ᠶᠢᠨ ᠬᠠᠮᠲᠤ᠂ | ᠦᠨᠡᠯᠡᠯᠲᠡ ᠶᠢᠨ ᠲᠠᠰ ᠢ ᠦᠨᠳᠦᠰᠦᠯᠡᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠶᠢ ᠵᠢᠭᠠᠵᠤ | ᠪᠣᠶ᠃ | ᠭᠤᠷᠪᠠᠳᠤᠭᠠᠷ ᠵᠦᠢᠯ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠲᠡᠭᠡᠮᠵᠢ ᠶᠢᠨ | ᠲᠠᠰ ᠬᠤᠪᠢᠶᠠᠭᠰᠠᠨ ᠬᠠᠮᠢᠶᠠᠷᠤᠯᠲᠠ ᠳᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠠᠵᠢᠯ ᠡᠷᠭᠢᠯᠡᠬᠦ ᠨᠢᠭᠡᠴᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠢᠲᠡᠭᠡᠮᠵᠢ ᠶᠢᠨ | ᠦᠨᠡᠯᠡᠯᠲᠡ ᠶᠢᠨ ᠲᠠᠰ ᠬᠤᠪᠢᠶᠠᠬᠤ᠂ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ᠂ ᠦᠷ᠎ᠡ ᠪᠦᠲᠦᠭᠡᠯ ᠢ ᠬᠡᠷᠡᠭᠯᠡᠬᠦ | ᠵᠡᠷᠭᠡ ᠠᠭᠤᠯᠭ᠎ᠠ ᠪᠠᠭᠲᠠᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠡᠷᠭᠢᠯᠡᠬᠦ | ᠨᠢᠭᠡᠴᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠥᠪᠡᠰᠦᠪᠡᠨ ᠪᠢᠴᠢᠵᠦ ᠣᠷᠣᠭᠤᠯᠬᠤ ᠪᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠶᠤᠴᠢᠯᠠᠨ | ᠮᠡᠳᠡᠭᠦᠯᠵᠦ ᠪᠢᠴᠢᠵᠦ ᠣᠷᠣᠭᠤᠯᠬᠤ ᠠᠷᠭ᠎ᠠ ᠮᠠᠶ᠋ᠢᠭ ᠢᠶᠠᠷ ᠴᠤᠭᠯᠠᠭᠤᠯᠤᠨ᠎ᠠ᠃ | ᠳᠥᠷᠪᠡᠳᠦᠭᠡᠷ ᠵᠦᠢᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠠᠵᠢᠯ ᠡᠷᠭᠢᠯᠡᠬᠦ ᠨᠢᠭᠡᠴᠡ ᠶᠢᠨ ᠣᠨ ᠤ ᠢᠲᠡᠭᠡᠮᠵᠢ ᠶᠢᠨ ᠲᠠᠰ ᠢ ᠳᠥᠷᠪᠡᠨ ᠲᠠᠰ ᠢᠶᠠᠷ ᠲᠣᠭᠲᠠᠭᠠᠪᠠ | ᠂ ᠲᠣᠰ ᠲᠣᠰ᠄ A ᠲᠠᠰ ︵ᠢᠲᠡᠭᠡᠮᠵᠢ ᠰᠠᠶᠢᠨ︶᠂ B ᠲᠠᠰ ︵ᠢᠲᠡᠭᠡᠮᠵᠢ ᠡᠩ ᠤᠨ︶᠂ C ᠲᠠᠰ ︵ᠢᠲᠡᠭᠡᠮᠵᠢ | ᠨᠡᠯᠢᠶᠡᠳ ᠠᠨᠠᠢ︶᠂ D ᠲᠠᠰ ︵ᠢᠲᠡᠭᠡᠮᠵᠢ ᠲᠤᠶᠢᠯ ᠤᠨ ᠠᠨᠠᠢ︶᠃ | ᠲᠠᠪᠤᠳᠤᠭᠠᠷ ᠵᠦᠢᠯ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠡᠷᠭᠢᠯᠡᠬᠦ | ᠨᠢᠭᠡᠴᠡ ᠶᠢᠨ ᠢᠲᠡᠭᠡᠮᠵᠢ ᠶᠢᠨ ᠲᠠᠰ ᠢ ᠳᠣᠣᠷᠠᠬᠢ ᠪᠠᠷᠢᠮᠵᠢᠶ᠎ᠠ ᠶᠢ ᠦᠨᠳᠦᠰᠦᠯᠡᠨ ᠲᠠᠰ ᠢ ᠦᠨᠡᠯᠡᠨ ᠲᠣᠭᠲᠠᠭᠠᠨ᠎ᠠ᠄ | ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠠᠵᠢᠯ ᠡᠷᠭᠢᠯᠡᠵᠦ ᠪᠠᠶᠢᠭ᠎ᠠ ᠨᠢᠭᠡᠴᠡ ᠨᠢ ᠭᠤᠷᠪᠠᠨ ᠵᠢᠯ ᠤᠨ ᠳᠣᠲᠣᠷ᠎ᠠ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ | ᠭᠠᠷᠭᠠᠭᠰᠠᠨ ᠦᠭᠡᠢ ᠠᠵᠤ ᠠᠬᠤᠶᠢᠯᠠᠯ ᠢ A ᠲᠠᠰ ᠢᠶᠠᠷ ᠦᠨᠡᠯᠡᠨ ᠲᠣᠭᠲᠠᠭᠠᠨ᠎ᠠ᠃ | ︵ᠬᠤᠶᠠᠷ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠠᠵᠢᠯ ᠡᠷᠭᠢᠯᠡᠵᠦ ᠪᠠᠶᠢᠭ᠎ᠠ ᠨᠢᠭᠡᠴᠡ ᠨᠢ ᠭᠤᠷᠪᠠᠨ ᠵᠢᠯ ᠤᠨ ᠳᠣᠲᠣᠷ᠎ᠠ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ | ᠬᠢᠭᠰᠡᠨ ᠪᠣᠯᠪᠠᠴᠤ ᠵᠠᠰᠠᠭ ᠵᠠᠬᠢᠷᠭᠠᠨ ᠤ ᠰᠢᠢᠳᠬᠡᠯ ᠠᠴᠠ ᠭᠡᠯᠳᠦᠷᠢᠭᠰᠡᠨ ᠠᠵᠤ ᠠᠬᠤᠶᠢᠯᠠᠯ ᠢ B ᠲᠠᠰ ᠢᠶᠠᠷ ᠦᠨᠡᠯᠡᠨ | ᠲᠣᠭᠲᠠᠭᠠᠨ᠎ᠠ᠃ | ︵ᠭᠤᠷᠪᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠠᠵᠢᠯ ᠡᠷᠭᠢᠯᠡᠵᠦ ᠪᠠᠶᠢᠭ᠎ᠠ ᠨᠢᠭᠡᠴᠡ ᠨᠢ ᠭᠤᠷᠪᠠᠨ ᠵᠢᠯ ᠤᠨ ᠳᠣᠲᠣᠷ᠎ᠠ ᠨᠢᠭᠡ ᠤᠳᠠᠭ᠎ᠠ ᠬᠠᠤᠯᠢ ᠶᠢ ᠵᠥᠷᠢᠴᠡᠭᠰᠡᠨ | ᠦᠶᠯᠡ ᠠᠵᠢᠯᠯᠠᠭ᠎ᠠ ᠬᠢᠭᠰᠡᠨ ᠪᠥᠭᠡᠳ ᠵᠠᠰᠠᠭ ᠵᠠᠬᠢᠷᠭᠠᠨ ᠤ ᠰᠢᠳᠬᠡᠯ ᠣᠯᠣᠭᠰᠠᠨ ᠠᠵᠤ ᠠᠬᠤᠶᠢᠯᠠᠯ ᠢ C ᠲᠠᠰ ᠢᠶᠠᠷ | ᠦᠨᠡᠯᠡᠨ ᠲᠣᠭᠲᠠᠭᠠᠨ᠎ᠠ᠃ | ︵ᠳᠥᠷᠪᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠶᠢᠨ ᠠᠵᠢᠯ ᠡᠷᠭᠢᠯᠡᠬᠦ ᠨᠢᠭᠡᠴᠡ ᠨᠢ ᠭᠤᠷᠪᠠᠨ ᠵᠢᠯ ᠤᠨ ᠳᠣᠲᠣᠷ᠎ᠠ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ 2 ᠤᠳᠠᠭ᠎ᠠ ᠠᠴᠠ ᠳᠡᠭᠡᠭᠰᠢ ᠬᠢᠭᠰᠡᠨ ᠪᠥᠭᠡᠳ ᠵᠠᠰᠠᠭ ᠵᠠᠬᠢᠷᠭᠠᠨ ᠤ ᠰᠢᠳᠬᠡᠯ ᠣᠯᠣᠭᠰᠠᠨ ᠠᠵᠤ | ᠠᠬᠤᠶᠢᠯᠠᠯ ᠢ D ᠲᠠᠰ ᠢᠶᠠᠷ ᠦᠨᠡᠯᠡᠨ ᠲᠣᠭᠲᠠᠭᠠᠨ᠎ᠠ᠃ | ᠵᠢᠷᠭᠤᠳᠤᠭᠠᠷ ᠵᠦᠢᠯ ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠣᠨ ᠤ ᠢᠲᠡᠭᠡᠮᠵᠢ ᠶᠢᠨ ᠲᠠᠰ ᠢ A ᠲᠠᠰ ᠢᠶᠠᠷ ᠦᠨᠡᠯᠡᠨ | ᠲᠣᠭᠲᠠᠭᠠᠭᠰᠠᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠡᠷᠭᠢᠯᠡᠬᠦ | ᠨᠢᠭᠡᠴᠡ ᠳᠤ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠠᠪᠤᠨ᠎ᠠ᠄ | ︵ᠨᠢᠭᠡ︶ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠦᠯᠵᠢᠶᠡᠨ ᠥᠷᠲᠡᠭᠡ ᠳᠤ ᠬᠠᠮᠢᠶ᠎ᠠ ᠪᠦᠬᠦᠢ ᠮᠡᠳᠡᠭᠡ | ᠵᠠᠩᠭᠢ ᠶᠢ ᠳᠡᠯᠭᠡᠨ ᠦᠵᠡᠭᠦᠯᠵᠦ᠂ ᠰᠠᠶᠢᠨ ᠰᠠᠶᠢᠬᠠᠨ ᠳᠦᠷᠢ ᠲᠥᠷᠬᠦ ᠶᠢ ᠤᠷᠢᠳᠠᠪᠠᠷ ᠲᠠᠨᠢᠯᠴᠠᠭᠤᠯᠤᠨ᠎ᠠ᠃ | ︵ᠬᠤᠶᠠᠷ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠠᠵᠢᠯ ᠡᠷᠭᠢᠯᠡᠬᠦ ᠨᠢᠭᠡᠴᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠳᠠᠩᠰᠠᠯᠠᠭᠤᠯᠬᠤ᠂ ᠭᠡᠷᠡᠴᠢᠯᠡᠨ | ᠮᠡᠳᠡᠷᠡᠭᠦᠯᠬᠦ ᠪᠠᠷ ᠭᠤᠶᠤᠴᠢᠯᠠᠨ᠎ᠠ᠃ ᠲᠤᠬᠠᠶᠢᠯᠠᠭᠰᠠᠨ ᠠᠵᠢᠯ ᠢ ᠬᠦᠯᠢᠶᠡᠵᠦ ᠪᠣᠯᠬᠤ ᠦᠶᠡᠰ᠂ ᠰᠠᠭᠠᠳ ᠦᠭᠡᠢ | ᠨᠡᠪᠲᠡᠷᠡᠬᠦ ᠵᠠᠮ ᠢ ᠬᠠᠩᠭᠠᠨ᠎ᠠ ᠃ | ︵ᠭᠤᠷᠪᠠ︶ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠤᠳᠠᠭ᠎ᠠ ᠶᠢ ᠵᠣᠬᠢᠴᠠᠩᠭᠤᠢ ᠪᠠᠷ | ᠪᠠᠭᠠᠰᠬᠠᠨ᠎ᠠ᠃ | ︵ᠳᠥᠷᠪᠡ︶ ᠬᠠᠮᠢᠶ᠎ᠠ ᠪᠦᠬᠦᠢ ᠰᠢᠯᠢᠳᠡᠭ ᠢ ᠰᠢᠯᠭᠠᠷᠠᠭᠤᠯᠬᠤ᠂ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ | ᠲᠠᠨᠢᠯᠴᠠᠭᠤᠯᠤᠨ ᠣᠷᠣᠯᠴᠠᠭᠤᠯᠤᠨ᠎ᠠ᠃ | ᠳᠣᠯᠣᠳᠤᠭᠠᠷ ᠵᠦᠢᠯ ᠣᠨ ᠤ ᠢᠲᠡᠭᠡᠮᠵᠢ ᠶᠢᠨ ᠲᠠᠰ ᠢ B ᠲᠠᠰ ᠢᠶᠠᠷ ᠦᠨᠡᠯᠡᠨ ᠲᠣᠭᠲᠠᠭᠠᠭᠰᠠᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠡᠷᠭᠢᠯᠡᠬᠦ | ᠨᠢᠭᠡᠴᠡ ᠳᠤ ᠥᠪᠡᠷ ᠢ ᠪᠠᠨ ᠱᠠᠭᠠᠷᠳᠠᠬᠤ ᠪᠠ ᠬᠢᠨᠠᠯᠲᠠ ᠲᠠᠯᠪᠢᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ | ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠪᠠᠲᠤᠯᠠᠵᠤ᠂ ᠴᠢᠭᠯᠡᠭᠦᠯᠬᠦ ᠴᠢᠨᠠᠷᠲᠠᠢ ᠪᠠᠷ | ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠲᠡᠳᠡᠨ ᠤ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠪᠠᠷ | ᠠᠵᠢᠯ ᠡᠷᠭᠢᠯᠡᠬᠦ ᠶᠢ ᠰᠢᠮᠳᠠᠭᠤᠯᠤᠨ᠎ᠠ᠃ | ᠨᠠᠢᠮᠠᠳᠤᠭᠠᠷ ᠵᠦᠢᠯ ᠣᠨ ᠤ ᠢᠲᠡᠭᠡᠮᠵᠢ ᠶᠢᠨ ᠲᠠᠰ ᠢ C ᠲᠠᠰ ᠢᠶᠠᠷ ᠦᠨᠡᠯᠡᠨ ᠲᠣᠭᠲᠠᠭᠠᠭᠰᠠᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠡᠷᠭᠢᠯᠡᠬᠦ | ᠨᠢᠭᠡᠴᠡ ᠳᠤ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠤᠨ᠎ᠠ᠄ | ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠬᠥᠬᠢᠭᠦᠯᠦᠨ ᠱᠠᠩᠨᠠᠬᠤ ᠠᠵᠢᠯᠯᠠᠭ᠎ᠠ ᠳᠤ ᠣᠷᠣᠯᠴᠠᠬᠤ ᠶᠢ | ᠬᠢᠵᠠᠭᠠᠷᠯᠠᠵᠤ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ | ᠡᠯ᠎ᠡ ᠲᠥᠷᠥᠯ ᠤᠨ ᠬᠥᠬᠢᠭᠦᠯᠦᠨ ᠱᠠᠩᠨᠠᠬᠤ ᠠᠵᠢᠯᠯᠠᠭ᠎ᠠ ᠶᠢ ᠯᠠᠪᠯᠠᠯᠲᠠ ᠪᠣᠯᠭᠠᠨ ᠬᠡᠷᠡᠭᠵᠢᠬᠦᠯᠦᠨ᠎ᠡ᠃ | ︵ᠬᠤᠶᠠᠷ︶ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠨᠥᠬᠦᠪᠦᠷᠢ ᠥᠭᠬᠦ᠂ ᠲᠥᠷᠥ ᠶᠢᠨ ᠪᠣᠳᠣᠯᠭ᠎ᠠ ᠪᠠᠷ ᠲᠡᠳᠬᠦᠬᠦ ᠵᠡᠷᠭᠡ ᠲᠥᠷᠥᠯ ᠵᠦᠢᠯ ᠤᠨ ᠠᠵᠢᠯᠯᠠᠭ᠎ᠠ ᠳᠤ | ᠣᠷᠣᠯᠴᠠᠬᠤ ᠶᠢ ᠬᠢᠵᠠᠭᠠᠷᠯᠠᠨ᠎ᠠ᠃ | ︵ᠭᠤᠷᠪᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠠᠵᠢᠯ ᠡᠷᠭᠢᠯᠡᠬᠦ ᠨᠢᠭᠡᠴᠡ ᠳᠤ ᠵᠠᠰᠠᠭ ᠵᠠᠬᠢᠷᠭᠠᠨ ᠤ ᠵᠥᠪᠰᠢᠶᠡᠷᠡᠯ᠂ ᠳᠠᠩᠰᠠᠯᠠᠯᠲᠠ ᠵᠡᠷᠭᠡ ᠭᠤᠶᠤᠴᠢᠯᠠᠯ ᠭᠠᠷᠭᠠᠵᠤ᠂ | ᠴᠢᠩᠭ᠎ᠠ ᠬᠢᠨᠠᠨ ᠪᠠᠶᠢᠴᠠᠭᠠᠵᠤ᠂ ᠭᠤᠣᠯᠳᠠᠯᠭ᠎ᠠ ᠲᠠᠢ ᠬᠢᠨᠠᠨ ᠬᠠᠮᠢᠶᠠᠷᠤᠨ᠎ᠠ᠃ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠡᠯ ᠳᠤ ᠲᠣᠭᠲᠠᠭᠠᠭᠰᠠᠨ ᠪᠤᠰᠤᠳ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ᠃ | ᠶᠢᠰᠦᠳᠦᠭᠡᠷ ᠵᠦᠢᠯ ᠣᠨ ᠤ ᠢᠲᠡᠭᠡᠮᠵᠢ ᠶᠢᠨ ᠲᠠᠰ ᠢ D ᠲᠠᠰ ᠢᠶᠠᠷ ᠦᠨᠡᠯᠡᠨ ᠲᠣᠭᠲᠠᠭᠠᠭᠰᠠᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠡᠷᠭᠢᠯᠡᠬᠦ | ᠨᠢᠭᠡᠴᠡ ᠳᠤ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠤᠨ᠎ᠠ᠄ | ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠶᠢᠨ ᠬᠠᠷ᠎ᠠ ᠲᠠᠩᠰᠠᠨ ᠳᠤ ᠣᠷᠣᠵᠤ᠂ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠦᠯᠵᠢᠶᠡᠨ ᠳᠤ ᠢᠯᠡ | ᠨᠡᠶᠢᠲᠡᠯᠡᠨ᠎ᠡ᠃ | ︵ᠬᠤᠶᠠᠷ︶ ᠲᠡᠭᠦᠨ ᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠲᠤ ᠵᠢᠭᠰᠠᠭᠠᠨ ᠣᠷᠣᠭᠤᠯᠵᠤ᠂ ᠡᠳᠦᠷ | ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠦᠨ᠂ ᠲᠤᠰᠬᠠᠢ ᠵᠦᠢᠯ ᠢᠶᠠᠷ ᠴᠡᠭᠴᠡᠯᠡᠨ | ᠵᠠᠰᠠᠬᠤ ᠠᠵᠢᠯᠯᠠᠭ᠎ᠠ ᠪᠤᠶᠤ ᠲᠤᠰᠬᠠᠢ ᠰᠡᠳᠦᠪ ᠢᠶᠠᠷ ᠪᠠᠶᠢᠴᠠᠭᠠᠬᠤ ᠳᠤ ᠵᠠᠪᠠᠯ ᠪᠠᠶᠢᠴᠠᠭᠠᠬᠤ ᠨᠢᠭᠡᠴᠡ ᠳᠤ ᠵᠢᠭᠰᠠᠭᠠᠨ | ᠣᠷᠣᠭᠤᠯᠤᠨ᠎ᠠ᠃ | ︵ᠭᠤᠷᠪᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠠᠵᠢᠯ ᠡᠷᠭᠢᠯᠡᠬᠦ ᠨᠢᠭᠡᠴᠡ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠡᠨᠡᠳᠲᠡ ᠶᠢᠨ ᠪᠠᠶᠢᠴᠠᠭᠠᠯᠲᠠ ᠬᠢᠬᠦ ᠶᠢᠨ | ᠬᠠᠮᠲᠤ᠂ ᠬᠠᠤᠯᠢ ᠪᠠᠷ ᠲᠣᠭᠲᠠᠭᠠᠭᠰᠠᠨ ᠬᠠᠷᠢᠭᠤᠴᠠᠯᠭᠠᠲᠠᠨ ᠲᠠᠢ ᠬᠠᠷᠢᠭᠤᠴᠠᠯᠭ᠎ᠠ ᠶᠢᠨ ᠲᠤᠬᠠᠢ ᠪᠣᠯᠵᠣᠨ ᠶᠠᠷᠢᠯᠴᠠᠨ᠎ᠠ | ᠃ | ᠠᠷᠪᠠᠳᠤᠭᠠᠷ ᠵᠦᠢᠯ ᠢᠲᠡᠭᠡᠮᠵᠢ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠬᠠᠮᠢᠶᠠᠷᠬᠤ ᠠᠵᠢᠯᠲᠠᠳ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠢᠲᠡᠭᠡᠮᠵᠢ ᠶᠢᠨ ᠦᠨᠡᠯᠡᠯᠲᠡ ᠶᠢᠨ ᠡᠷᠬᠡ ᠲᠡᠭᠰᠢ᠂ ᠲᠥᠪ | ᠭᠤᠣᠯᠴᠢ ᠪᠠ ᠢᠯᠡ ᠲᠣᠳᠣ ᠪᠠᠶᠢᠬᠤ ᠶᠢ ᠪᠠᠲᠤᠯᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠲᠤᠰ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | | ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ | 2025 ᠣᠨ ᠤ 3 ᠰᠠᠷ᠎ᠠ ᠶᠢᠨ 19 ᠤ ᠡᠳᠦᠷ | | | | |