3 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠶᠣᠣ ᠬᠤᠩ ᠭᠠᠩ ᠪᠠᠷᠠᠭᠤᠨ ᠣᠷᠣᠨ ᠳᠤ ᠰᠢᠨᠵᠢᠯᠡᠨ ᠪᠠᠶᠢᠴᠠᠭᠠᠭᠰᠠᠨ ᠥᠪᠥᠷ ᠮᠣᠩᠭᠤᠯ ᠤᠨ ᠭᠠᠵᠠᠷ ᠰᠢᠷᠣᠢ ᠶᠢᠨ | ᠡᠬᠢ ᠪᠠᠶᠠᠯᠢᠭ ᠢ ᠬᠤᠳᠠᠯᠳᠤᠨ ᠠᠪᠴᠤ ᠨᠥᠭᠡᠴᠡᠯᠡᠬᠦ ᠪᠡᠯᠡ ᠣᠷᠣᠭᠤᠯᠤᠯᠲᠠ ︵ᠪᠦᠯᠦᠭᠯᠡᠯ︶ ᠶᠢᠨ ᠬᠢᠵᠠᠭᠠᠷᠲᠤ | ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠸᠠᠩ ᠭᠠᠩ᠂ ᠾᠧᠨᠠᠨ ᠤ ᠪᠠᠶᠢᠭᠠᠯᠢ | ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠣᠷᠳᠣᠰ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ | ᠭᠧ ᠢᠦᠢ ᠯᠢᠩ᠂ ᠳᠤᠮᠳᠠᠳᠤ ᠤᠯᠤᠰ ᠤᠨ ᠮᠦ ᠶᠸᠦ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠬᠤᠩ ᠸᠧᠢ ᠵᠡᠷᠭᠡ ᠵᠣᠴᠢᠳ ᠲᠠᠢ ᠶᠠᠷᠢᠯᠴᠠᠵᠤ | ᠰᠠᠨᠠᠯ ᠢᠶᠠᠨ ᠰᠣᠯᠢᠯᠴᠠᠪᠠ᠃ | | ᠶᠠᠷᠢᠯᠴᠠᠬᠤ ᠬᠤᠷᠠᠯ ᠳᠤ᠂ ᠬᠤᠶᠠᠷ ᠲᠠᠯ᠎ᠠ ᠪᠠᠷ ᠢᠶᠠᠨ ᠨᠡᠭᠦᠷᠡᠰᠦᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠡᠬᠢ ᠪᠠᠶᠠᠯᠢᠭᠵᠢᠭᠤᠯᠤᠨ ᠠᠰᠢᠭᠯᠠᠬᠤ ᠵᠢᠴᠢ ᠪᠠᠯᠭᠠᠷᠭᠤᠣᠯ ᠪᠠᠯᠭᠠᠰᠤᠨ ᠤ ︽ᠮᠢᠬ᠎ᠠ ᠨᠣᠭᠤᠭᠠᠨ ᠤ ᠬᠠᠩᠭᠠᠯᠭ᠎ᠠ ᠶᠢᠨ | ᠢᠨᠵᠧᠨᠧᠷᠢᠩ︾ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ | ᠰᠣᠯᠢᠯᠴᠠᠨ ᠵᠥᠪᠳᠡᠯᠴᠡᠪᠡ᠃ | ᠶᠣᠣ ᠬᠤᠩ ᠭᠠᠩ ᠢᠯᠡᠷᠬᠡᠶᠢᠯᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ᠂ ᠬᠠᠷᠢᠯᠴᠠᠨ ᠠᠰᠢᠭ ᠣᠯᠭᠤᠵᠤ ᠬᠠᠮᠲᠤ ᠪᠠᠷ | ᠠᠰᠢᠭ ᠭᠥᠷᠳᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠬᠤ ᠪᠣᠯᠣᠨ᠎ᠠ᠃ ᠪᠠᠷᠠᠭᠤᠨ ᠦᠵᠦᠮᠦᠴᠢᠨ ᠬᠤᠰᠢᠭᠤᠨ ᠤ | ᠬᠥᠭᠵᠢᠯᠲᠡ ᠶᠢᠨ ᠬᠡᠲᠦ ᠶᠢᠨ ᠲᠥᠯᠥᠪ ᠰᠠᠶᠢᠨ ᠪᠠᠶᠢᠵᠤ᠂ ᠥᠷᠭᠡᠨ ᠣᠯᠠᠨ ᠬᠤᠳᠠᠯᠳᠤᠭᠠᠴᠢᠳ ᠤᠨ ᠪᠠᠷᠠᠭᠤᠨ | ᠦᠵᠦᠮᠦᠴᠢᠨ ᠬᠤᠰᠢᠭᠤᠨ ᠳᠤ ᠢᠷᠡᠵᠦ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠪᠠᠶᠠᠷᠯᠠᠨ ᠤᠭᠲᠤᠵᠤ | ᠪᠠᠶᠢᠨ᠎ᠠ᠂ ᠮᠠᠨ ᠤ ᠬᠤᠰᠢᠭᠤ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠣᠶ | ᠪᠣᠯᠭᠠᠵᠤ᠂ ᠪᠠᠷᠠᠭᠤᠨ ᠦᠵᠦᠮᠦᠴᠢᠨ ᠬᠤᠰᠢᠭᠤᠨ ᠳᠤ ᠪᠡᠯᠡ ᠣᠷᠣᠭᠤᠯᠬᠤ ᠪᠠᠷ ᠢᠷᠡᠭᠰᠡᠨ ᠠᠵᠤ ᠠᠬᠤᠶᠢᠯᠠᠯ ᠳᠤ | ᠰᠢᠯᠢᠳᠡᠭ ᠦᠢᠯᠡᠴᠢᠯᠡᠭᠡ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃ ᠬᠤᠶᠠᠷ ᠲᠠᠯ᠎ᠠ ᠪᠠᠷ ᠢᠶᠠᠨ | ᠲᠤᠰ ᠤᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠣᠶᠢᠯᠠᠭᠠᠯᠴᠠᠭ᠎ᠠ ᠰᠣᠯᠢᠯᠴᠠᠭ᠎ᠠ ᠪᠠᠨ | ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ | ᠠᠬᠢᠭᠤᠯᠬᠤ ᠶᠢᠨ ᠬᠠᠮᠲᠤ ᠠᠵᠤ ᠠᠬᠤᠶᠢᠯᠠᠯ ᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠪᠠᠷᠠᠭᠤᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠪᠠᠷ | ᠬᠦᠴᠦᠨ ᠴᠢᠳᠠᠯ ᠢᠶᠠᠨ ᠡᠷᠭᠦᠵᠦ᠂ ᠢᠷᠡᠭᠡᠳᠦᠢ ᠳᠤ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠤ᠂ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠶᠢ ᠬᠦᠰᠡᠵᠦ ᠪᠠᠶᠢᠨ᠎ᠠ | ᠭᠡᠵᠡᠢ᠃ | | ᠸᠠᠩ ᠭᠠᠩ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ | ᠲᠠᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠳᠡᠭ ᠠᠵᠢᠯ ᠤᠨ ᠰᠤᠷᠲᠠᠯ ᠢ ᠳᠡᠭᠡᠳᠦ ᠬᠡᠮᠵᠢᠶ᠎ᠡ ᠪᠠᠷ ᠦᠨᠡᠯᠡᠪᠡ᠃ | ᠲᠡᠷᠡ ᠢᠯᠡᠷᠬᠡᠶᠢᠯᠡᠬᠦ ᠳᠡᠭᠡᠨ᠂ ᠡᠮᠦᠨᠡᠬᠢ ᠬᠤᠭᠤᠴᠠᠭᠠᠨ ᠤ ᠰᠢᠨᠵᠢᠯᠡᠨ ᠪᠠᠶᠢᠴᠠᠭᠠᠯᠲᠠ ᠶᠢ ᠵᠣᠯᠭᠠᠭᠤᠯᠬᠤ ᠪᠠᠷ | ᠳᠡᠮᠵᠢᠨ᠂ ᠪᠠᠷᠠᠭᠤᠨ ᠦᠵᠦᠮᠦᠴᠢᠨ ᠬᠤᠰᠢᠭᠤᠨ ᠳᠤ ᠪᠡᠯᠡ ᠣᠷᠣᠭᠤᠯᠬᠤ᠂ ᠦᠢᠯᠡᠰ ᠡᠷᠬᠢᠯᠡᠨ ᠬᠥᠭᠵᠢᠭᠦᠯᠬᠦ | ᠢᠲᠡᠭᠡᠯ ᠵᠣᠷᠢᠭ ᠨᠡᠩ ᠨᠡᠮᠡᠭᠳᠡᠯ᠎ᠡ᠃ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠢᠷᠡᠭᠡᠳᠦᠢ | ᠠᠭᠤᠳᠠᠮ ᠰᠠᠷᠠᠭᠤᠯ ᠪᠠᠶᠢᠵᠤ᠂ ᠶᠡᠭᠡ ᠦᠢᠯᠡᠰ ᠢ ᠪᠦᠲᠦᠭᠡᠵᠦ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠪᠠᠷᠠᠭᠤᠨ | ᠦᠵᠦᠮᠦᠴᠢᠨ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠭᠦᠨᠵᠡᠭᠡᠢ ᠠᠭᠤᠰᠤᠯᠴᠠᠵᠤ᠂ ᠠᠵᠤ ᠠᠬᠤᠶᠢᠯᠠᠯ | ᠤᠨ ᠳᠠᠪᠠᠭᠤᠯᠢᠭ ᠢᠶᠠᠨ ᠪᠠᠳᠠᠷᠠᠭᠤᠯᠤᠨ᠂ ᠨᠡᠪᠲᠡᠷᠡᠯᠴᠡᠨ ᠵᠣᠯᠭᠠᠭᠤᠯᠬᠤ ᠪᠠ ᠬᠠᠮᠲᠤ ᠪᠠᠷ ᠲᠥᠯᠥᠪᠯᠡᠬᠦ ᠪᠠᠨ | ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ | ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠥᠷᠭᠡᠳᠬᠡᠵᠦ᠂ ᠪᠠᠷᠠᠭᠤᠨ ᠦᠵᠦᠮᠦᠴᠢᠨ | ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠡᠢ᠃ | ᠬᠤᠰᠢᠭᠤ ᠤᠳᠤᠷᠢᠳᠤᠯᠭ᠎ᠠ ᠵᠣᠣ ᠭᠦᠸᠧ ᠳ᠋ᠦᠩ᠂ ᠦ᠋ ᡁᠢ ᠴᠢᠶᠠᠩ᠂ ᠷᠧᠨ ᠳ᠋ᠧ ᠰᠢᠨ᠂ ᠬᠠᠮᠢᠶ᠎ᠠ ᠪᠦᠬᠦᠢ | ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ | ᠳᠤ ᠣᠷᠣᠯᠴᠠᠵᠠᠢ᠃ | |