3 ᠰᠠᠷ᠎ᠠ ᠶᠢᠨ 19 ᠤ ᠡᠳᠦᠷ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠦᠢᠯᠡᠳᠦᠯᠭᠡ ᠶᠢᠨ ᠵᠢᠭᠠᠨ ᠰᠤᠷᠭᠠᠯᠳᠠ ᠶᠢᠨ ᠰᠠᠭᠤᠷᠢᠨ ᠭᠠᠵᠠᠷ ᠤᠨ ᠫᠠᠶᠢᠰᠠ ᠡᠯᠭᠦᠭᠦ ᠶᠣᠰᠣᠯᠠᠯ ᠪᠠᠷᠠᠭᠤᠨ | ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠤᠨ ᠤ ᠪᠠᠶᠠᠠᠬᠠᠶᠢᠯᠠᠰᠤᠳᠠᠢ ᠭᠠᠴᠠᠭᠠᠨ ᠤ ᠦᠵᠦᠮᠦᠴᠢᠨ ᠬᠤᠨᠢ | ᠲᠡᠵᠢᠭᠡᠨ ᠦᠰᠬᠡᠬᠦ ᠲᠠᠯᠠᠪᠠᠶ ᠳᠤ ᠶᠠᠪᠤᠭᠳᠠᠪᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠳᠡᠳ᠋ ᠵᠠᠬᠢᠷᠤᠯ ᠲᠠᠨ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠪᠤᠯᠤᠳ ᠵᠡᠷᠭᠡ ᠤᠳᠤᠷᠢᠳᠤᠯᠭ᠎ᠠ ᠠᠵᠢᠯᠯᠠᠭ᠎ᠠ ᠳᠤ ᠤᠷᠤᠯᠴᠠᠪᠠ᠃ | | | ᠲᠤᠰ ᠰᠠᠭᠤᠷᠢᠨ ᠭᠠᠵᠠᠷ ᠤᠨ ᠪᠠᠶᠠᠠᠬᠠᠶᠢᠯᠠᠰᠤᠳᠠᠢ ᠭᠠᠴᠠᠭ᠎ᠠ ᠳᠤ ᠪᠠᠶᠢᠭᠤᠯᠤᠭᠳᠠᠭᠰᠠᠨ ᠨᠢ ᠥᠪᠥᠷ ᠮᠣᠩᠭᠤᠯ | ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠣᠨ ᠭᠤᠷᠤᠬᠠᠨ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠦᠢᠯᠡᠳᠦᠯᠭᠡ ᠶᠢᠨ ᠴᠡᠭ ᠤᠨ ᠪᠠᠶᠢᠭᠤᠯᠤᠯᠲᠠ᠂ ᠮᠡᠷᠭᠡᠵᠢᠯ ᠤᠨ ᠳᠡᠮᠵᠢᠯᠭᠡ᠂ ᠴᠢᠳᠠᠪᠤᠷᠢᠲᠠᠨ ᠢ | ᠬᠥᠮᠥᠵᠢᠭᠦᠯᠬᠦ ᠪᠠ ᠨᠡᠶᠢᠭᠡᠮ ᠤᠨ ᠦᠢᠯᠡᠴᠢᠯᠡᠭᠡ ᠵᠡᠷᠭᠡ ᠲᠠᠯ᠎ᠠ ᠪᠠᠷ ᠬᠢ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠨ | ᠬᠠᠮᠲᠤᠪᠠᠷ ᠡᠭᠦᠳᠴᠦ ᠠᠰᠢᠭ ᠬᠦᠷᠳᠡᠬᠦ ᠬᠠᠮᠲᠤᠷᠠᠯᠴᠠᠭᠠᠨ ᠤ ᠦᠷ᠎ᠡ ᠪᠦᠲᠦᠭᠡᠯ ᠪᠤᠯᠬᠤ ᠶᠤᠮ᠃ ᠲᠣᠰ ᠤᠳᠠᠭ᠎ᠠ | ᠰᠠᠭᠤᠳᠠᠯ ᠤᠨ ᠬᠤᠷᠠᠯ ᠬᠢᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠬᠡᠯᠪᠡᠷᠢ ᠪᠠᠷ ᠳᠠᠮᠵᠢᠭᠤᠯᠤᠨ | ᠦᠵᠦᠮᠦᠴᠢᠨ ᠬᠤᠨᠢ ᠶᠢ ᠲᠡᠵᠢᠭᠡᠨ ᠠᠷᠠᠴᠢᠯᠠᠬᠤ᠂ ᠡᠪᠡᠳᠴᠢᠨ ᠭᠡᠮ ᠢ ᠰᠡᠷᠭᠡᠶᠢᠯᠡᠨ ᠡᠵᠡᠮᠳᠡᠬᠦ᠂ ᠡᠭᠦᠯᠳᠡᠷ | ᠰᠠᠶᠢᠵᠢᠷᠠᠭᠤᠯᠬᠤ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠬᠤ ᠶᠢᠨ ᠬᠠᠮᠲᠤ ᠣᠳᠣᠬᠢᠴᠢᠯᠠᠭᠰᠠᠨ ᠲᠡᠵᠢᠭᠡᠨ | ᠦᠷᠡᠵᠢᠭᠦᠯᠬᠦ ᠲᠥᠬᠦᠭᠡᠷᠦᠮᠵᠢ ᠪᠠ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠵᠠᠭᠪᠤᠷ ᠲᠤ ᠵᠢᠯᠣᠭᠤᠳᠤᠯᠭ᠎ᠠ ᠬᠢᠪᠡ᠃ | ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠤᠨ ᠪᠠᠶᠢᠭᠤᠯᠤᠭᠳᠠᠭᠰᠠᠨ ᠨᠢ ᠰᠤᠷᠭᠠᠭᠤᠯᠢ ᠪᠣᠯᠣᠨ | ᠣᠷᠣᠨ ᠨᠤᠲᠤᠭ ᠤᠨ ᠬᠠᠮᠲᠤᠷᠠᠯᠴᠠᠭ᠎ᠠ ᠶᠢ ᠤᠯᠠᠮ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠰᠤᠯᠳᠠ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠢ ᠨᠡᠮᠡᠷᠢᠯᠡᠬᠦ ᠪᠣᠯᠣᠨ᠎ᠠ᠃ | | |