3 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠠᠷᠪᠠᠨ ᠭᠤᠷᠪᠠᠳᠤᠭᠠᠷ | ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 112 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ | ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ | ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠥᠷᠥ ᠶᠢᠨ | ᠵᠥᠪᠯᠡᠯᠭᠡᠨ ᠤ ᠬᠤᠷᠠᠯ ᠳᠤ ᠣᠷᠣᠯᠴᠠᠭᠰᠠᠨ ᠠᠷᠠᠳᠴᠢᠯᠠᠭᠰᠠᠨ ᠬᠤᠯᠪᠣᠭ᠎ᠠ ᠶᠢᠨ ᠠᠷᠠᠳᠴᠢᠯᠠᠯ ᠢᠶᠠᠷ ᠠᠬᠢᠭᠤᠯᠬᠤ | ᠬᠤᠷᠠᠯ ᠤᠨ ᠰᠤᠷᠭᠠᠨ ᠬᠥᠮᠦᠵᠢᠯ ᠤᠨ ᠲᠠᠯ᠎ᠠ ᠶᠢᠨ ᠭᠡᠰᠢᠭᠦᠳ ᠢ ᠲᠣᠬᠤᠨᠢᠭᠤᠯᠬᠤ ᠦᠶ᠎ᠡ ᠶᠢᠨ ᠴᠢᠬᠤᠯᠠ ᠶᠠᠷᠢᠶ᠎ᠠ ᠪᠠ | ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶ᠎ᠠ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭᠠᠨ ᠤ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ | ᠪᠥᠬᠦᠳᠡ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ᠂ ᠭᠦᠢᠵᠧᠦ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠣᠷᠣᠨ ᠤ ᠶᠡᠷᠦᠩᠬᠡᠶᠢᠯᠡᠨ | ᠵᠠᠰᠠᠬᠤ ᠲᠥᠪ ᠤᠨ ᠵᠢᠷᠤᠮᠵᠢᠭᠤᠯᠬᠤ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ᠂ | ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠨᠡᠶᠢᠭᠡᠮ ᠤᠨ ᠠᠵᠢᠯᠴᠢᠨ ᠪᠠ ᠣᠯᠠᠨ | ᠲᠦᠮᠡᠨ ᠤ ᠪᠦᠯᠬᠦᠮ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠪ ᠤᠨ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠰᠤᠷᠭᠠᠨ | ᠬᠥᠮᠦᠵᠢᠯ ᠤᠨ ᠠᠵᠢᠯ ᠤᠨ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠨᠡᠶᠢᠭᠡᠮ ᠵᠢᠷᠤᠮ ᠤᠨ ᠭᠤᠣᠯᠯᠠᠬᠤ | ᠥᠷᠲᠡᠭ ᠤᠨ ᠦᠵᠡᠯᠲᠡ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠬᠤᠷᠢᠶᠠᠨ ᠠᠴᠠ ᠨᠢᠭᠡᠳᠦᠯᠲᠡᠢ | ᠤᠳᠤᠷᠢᠳᠤᠭᠰᠠᠨ᠂ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠭᠰᠠᠨ ︽ᠶᠡᠭᠡ ᠦᠵᠡᠯ ᠰᠠᠨᠠᠭ᠎ᠠ ᠤᠯᠤᠰ ᠲᠥᠷᠥ︾ | ᠶᠢᠨ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ | ᠬᠥᠮᠦᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠭᠤᠣᠯ ᠲᠤᠯᠭᠠᠭᠤᠷᠢ ᠪᠣᠯᠬᠤ ︽ | ᠲᠦᠷᠪᠡᠨ ᠬᠦᠴᠦᠯᠡᠬᠦ ᠴᠡᠭ︾ ᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠠᠵᠤ ᠦᠢᠯᠡᠰ ᠤᠨ | ᠬᠥᠭᠵᠢᠯᠲᠡ ᠶᠢᠨ ᠴᠢᠭᠯᠡᠯ ᠢ ᠪᠦᠬᠦ ᠲᠠᠯ᠎ᠠ ᠪᠠᠷ ᠠᠬᠢᠭᠤᠯᠵᠤ᠂ ᠠᠮᠤᠷ ᠲᠦᠪᠰᠢᠨ ᠮᠥᠷᠲᠡᠭᠡᠨ ᠴᠢᠨᠠᠷ ᠰᠠᠶᠢᠲᠠᠢ | ᠬᠥᠭᠵᠢᠯᠲᠡ ᠶᠢᠨ ᠰᠠᠶᠢᠨ ᠦᠢᠯᠡᠳᠦᠯᠴᠡᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠬᠤᠶᠠᠷ ᠢ ᠬᠦᠷᠢᠶᠡᠯᠡᠵᠦ ᠬᠠᠮᠲᠤ ᠪᠠᠷ | ᠪᠠᠶᠢᠭᠤᠯᠬᠤ ᠶᠢ ᠭᠦᠨᠵᠡᠭᠡᠶᠢᠷᠡᠭᠦᠯᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠤᠯᠤᠰ ᠲᠦᠷᠦ ᠪᠠ ᠪᠦᠬᠦ ᠲᠠᠯ᠎ᠠ ᠶᠢᠨ ᠥᠨᠳᠥᠷᠴᠡ | ᠠᠴᠠ ᠠᠳᠬᠤᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠲᠣᠭᠲᠠᠭᠤᠨ ᠡᠷᠬᠡ ᠲᠡᠭᠰᠢ ᠢᠯᠡ ᠲᠣᠳᠣ᠂ | ᠵᠢᠱᠢᠵᠦ ᠪᠣᠯᠬᠤᠶᠢᠴᠠ ᠣᠷᠴᠢᠨ ᠲᠣᠭᠤᠷᠢᠨ ᠢ ᠦᠨᠡᠨᠬᠦ ᠪᠤᠢ ᠪᠣᠯᠭᠠᠵᠤ ᠥᠭᠬᠦ ᠬᠡᠷᠡᠭᠲᠡᠢ᠃ ᠰᠣᠶᠣᠯ ᠵᠢᠭᠤᠯᠴᠢᠯᠠᠯ | ᠤᠨ ᠠᠭᠤᠰᠤᠯᠴᠠᠨᠬᠥ᠋ᠭᠵᠢᠬᠦ ᠶᠢ ᠠᠬᠢᠭᠤᠯᠵᠤ᠂ ᠰᠣᠶᠣᠯ ᠢᠶᠠᠷ ᠨᠦᠭᠦᠴᠡᠯ ᠪᠣᠯᠣᠮᠵᠢ ᠪᠣᠢ ᠪᠣᠯᠭᠠᠬᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠠᠯ᠎ᠠ ᠪᠠᠷ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠠᠬᠢᠭᠤᠯᠵᠤ᠂ ᠨᠠᠮ ᠤᠨ ᠲᠤᠰ ᠪᠡᠶ᠎ᠡ ᠶᠢᠨ | ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠵᠡᠷᠭᠡᠪᠡᠷ ᠪᠠᠶᠢᠴᠠᠭᠠᠵᠤ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠢᠯᠵᠠᠷᠠᠬᠤ ᠵᠣᠷᠢᠭ | ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠮᠤᠷ ᠲᠦᠪᠰᠢᠨ ᠢ ᠪᠠᠲᠤᠯᠬᠠᠤ᠂ ᠲᠣᠭᠲᠠᠭᠤᠨ ᠢ ᠪᠠᠲᠤᠯᠬᠠᠤ ᠶᠢ | ᠪᠠᠷᠢᠮᠲᠠᠯᠠᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ᠂ ᠰᠠᠭᠤᠷᠢ ᠶᠢ ᠶᠡᠬᠡᠪᠡᠷ ᠠᠳᠬᠤᠬᠤ ᠢᠯᠡ ᠲᠣᠳᠣ | ᠤᠳᠤᠷᠢᠳᠤᠮᠵᠢ ᠶᠢ ᠪᠤᠢ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠪᠣᠳᠠᠲᠠᠢ ᠪᠠᠷ ᠰᠢᠢᠳᠪᠦᠷᠢᠯᠡᠬᠦ ᠶᠢ ᠬᠠᠤᠯᠢ | ᠶᠣᠰᠣᠭᠠᠷ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠭᠡᠮ ᠰᠣᠭᠤᠭ ᠢ ᠰᠡᠷᠭᠡᠶᠢᠯᠡᠨ ᠡᠵᠡᠮᠳᠡᠬᠦ ᠬᠦᠴᠦᠨ ᠢ | ᠨᠢᠭᠲᠠᠷᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠲᠥᠪ | ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ | ᠬᠥᠮᠦᠵᠢᠯ ᠤᠨ ᠬᠠᠷᠠᠯᠲᠠ ᠡᠭᠦᠷᠭᠡ ᠶᠢ ᠣᠨᠣᠪᠴᠢᠲᠠᠶ ᠡᠵᠡᠮᠳᠡᠵᠦ᠂ ᠭᠤᠣᠯ ᠰᠡᠳᠦᠪ ᠲᠤ ᠠᠩᠬᠠᠷᠤᠯ ᠢᠶᠠᠨ | ᠲᠥᠪᠯᠡᠷᠡᠭᠦᠯᠬᠦ᠂ ᠲᠥᠬᠦᠮ ᠪᠥᠭᠡᠳ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠡᠭᠡᠯᠵᠢ ᠤᠳᠠᠭ᠎ᠠ ᠬᠤᠪᠢᠶᠠᠬᠤ | ᠦᠭᠡᠢ᠂ ᠱᠠᠲᠤ ᠦᠶ᠎ᠡ ᠬᠤᠪᠢᠶᠠᠬᠤ ᠦᠭᠡᠢ ᠪᠠᠷ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠵᠤ᠂ ᠳᠡᠭᠡᠳᠦ | ᠳᠣᠣᠷᠠᠳᠤ ᠱᠠᠲᠤ ᠶᠢ ᠨᠡᠪᠲᠡᠷᠡᠭᠦᠯᠦᠨ᠂ ᠰᠤᠷᠤᠯᠴᠠᠬᠤ ᠪᠠᠶᠢᠴᠠᠭᠠᠨ ᠥᠭᠡᠷᠡᠴᠢᠯᠡᠬᠦ ᠡᠯ᠎ᠡ ᠵᠦᠢᠯ ᠤᠨ ᠠᠵᠢᠯ ᠢ ᠨᠢᠭᠡ | ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠭᠤᠣᠯ ᠬᠠᠷᠢᠭᠤᠴᠠᠯᠭᠠᠲᠠᠨ | ᠨᠠᠷ ᠤᠬᠠᠮᠰᠠᠷ ᠠᠴᠠ ᠪᠠᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ | ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠨᠢ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ | ᠪᠠᠶᠢᠬᠤ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ | ᠪᠣᠯᠭᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ | ᠲᠣᠬᠢᠷᠠᠭᠤᠯᠤᠨ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ |