ᠶᠢᠰᠦ ᠭᠤᠷᠪᠠ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠥᠪᠥᠷ ᠮᠣᠩᠭᠤᠯ ᠤᠨ ᠬᠤᠷᠢᠶ᠎ᠠ ᠪᠠᠷᠠᠭᠤᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ ᠨᠤᠲᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠶᠢ ᠭᠡᠷᠡᠭᠵᠢᠬᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/24
    3 ᠰᠠᠷ᠎ᠠ ᠶᠢᠨ 22 ᠤ ᠡᠳᠦᠷ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠶᠢᠰᠦ ᠭᠤᠷᠪᠠ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠤᠨ ᠤᠤᠯ ᠤᠨ ᠳᠡᠳ᠋ ᠲᠡᠷᠢᠭᠦᠯᠡᠭᠴᠢ ᠯᠠᠢ ᠮᠢᠩ ᠪᠦᠯᠬᠦᠮ ᠳᠠᠭᠠᠭᠤᠯᠤᠨ ᠪᠠᠷᠠᠭᠤᠨ ᠦᠵᠦᠮᠦᠴᠢᠨ ᠬᠤᠰᠢᠭᠤᠨ ᠳᠤ ᠬᠦᠨᠵᠡᠬᠡᠶᠢᠷᠡᠨ᠂ ︽ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ︾ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠭᠤᠣᠯᠳᠠᠯᠭ᠎ᠠ ᠲᠠᠢ ᠪᠠᠶᠢᠴᠠᠭᠠᠨ ᠰᠤᠳᠤᠯᠬᠤ ᠰᠡᠳᠦᠪ ᠤᠨ ᠲᠤᠭᠤᠷᠢᠨ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃
   ᠬᠤᠷᠠᠯ ᠢ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠶᠢᠰᠦ ᠭᠤᠷᠪᠠ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠥᠪᠥᠷ ᠮᠣᠩᠭᠤᠯ ᠤᠨ ᠬᠤᠷᠢᠶᠠᠨ ᠤ ᠡᠷᠬᠢᠯᠡᠭᠴᠢ ᠭᠡᠰᠢᠭᠦᠨ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠢᠦᠢ ᠷᠧᠨ ᠵᠢᠶᠧ ᠡᠷᠬᠢᠯᠡᠪᠡ᠃ ᠰᠢᠯᠢ ᠶᠢᠨ ᠭᠤᠣᠯ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠳᠡᠳ᠋ ᠳᠠᠷᠤᠭ᠎ᠠ ᠬᠠᠶᠢᠯᠠᠰᠤ᠂ ᠬᠤᠰᠢᠭᠤ ᠳᠡᠳ᠋ ᠳᠠᠷᠤᠭ᠎ᠠ ᠷᠧᠨ ᠳ᠋ᠧ ᠰᠢᠨ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠡᠷᠭᠡ ᠬᠠᠮᠢᠶᠠᠳᠠᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠨᠢᠭᠡᠴᠡ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃    ᠬᠤᠷᠠᠯ ᠳᠤ᠂ ᠬᠤᠰᠢᠭᠤ ᠳᠡᠳ᠋ ᠳᠠᠷᠤᠭ᠎ᠠ ᠷᠧᠨ ᠳ᠋ᠧ ᠰᠢᠨ ᠠᠴᠠ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠳᠣᠬᠢ ᠪᠠᠶᠢᠳᠠᠯ᠂ ᠨᠥᠬᠦᠪᠦᠷᠢ ᠱᠠᠩᠨᠠᠯ ᠣᠯᠭᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠪᠥᠬᠦ ᠲᠠᠯ᠎ᠠ ᠶᠢᠨ ᠬᠠᠷᠢᠭᠤ ᠮᠡᠳᠡᠭᠦᠯᠦᠯᠲᠡ ᠬᠢᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠦᠷ᠎ᠡ ᠪᠦᠲᠦᠮᠵᠢ᠂ ᠲᠤᠯᠭᠠᠷᠠᠵᠤ ᠪᠠᠶᠢᠭ᠎ᠠ ᠥᠷᠢᠰᠦᠯᠳᠦᠭᠡᠨ ᠵᠢᠴᠢ ᠦᠨᠳᠦᠰᠦᠨ ᠱᠠᠲᠤᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠠᠷᠢᠨ ᠲᠣᠳᠣᠷᠬᠠᠢ ᠲᠤᠷᠠᠳᠴᠠᠢ᠃
        ᠪᠠᠶᠢᠴᠠᠭᠠᠨ ᠰᠤᠳᠤᠯᠬᠤ ᠳᠤᠭᠤᠶᠢᠯᠠᠩ ᠬᠢᠭᠡᠳ ᠬᠤᠷᠠᠯ ᠳᠤ ᠤᠷᠤᠯᠴᠠᠭᠰᠠᠳ ᠤᠳᠤᠬᠠᠨ ᠤ ᠬᠡᠷᠡᠭᠵᠢᠭᠦᠯᠵᠦ ᠪᠠᠶᠢᠭ᠎ᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠠᠷᠢᠨ ᠵᠦᠢᠯᠡᠰ᠂ ᠬᠡᠷᠡᠭᠵᠢᠭᠦᠯᠬᠦ ᠳᠤ ᠪᠡᠷᠬᠡᠲᠡᠢ ᠠᠰᠠᠭᠤᠳᠠᠯ᠂ ᠢᠯᠠᠩᠭᠤᠶ᠎ᠠ ᠠᠮᠢ ᠠᠬᠤᠢ ᠶᠢᠨ ᠬᠠᠮᠠᠭᠠᠯᠠᠯᠲᠠ ᠬᠢᠭᠡᠳ ᠮᠠᠯᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠭᠤᠷᠣᠨᠳᠣᠬᠢ ᠲᠡᠩᠴᠡᠭᠦᠷᠢ ᠶᠢᠨ ᠠᠰᠠᠭᠤᠳᠠᠯ ᠳᠤ ᠴᠢᠭᠯᠡᠭᠦᠯᠦᠨ᠂ ᠴᠢᠩᠭ᠎ᠠ ᠨᠢᠮᠪᠠᠢ ᠪᠥᠭᠡᠳ ᠭᠦᠨᠵᠡᠭᠡᠢ ᠶᠠᠷᠢᠯᠴᠠᠭ᠎ᠠ ᠥᠷᠨᠢᠭᠦᠯᠪᠡ᠃ ᠬᠤᠷᠠᠯ ᠳᠤ ᠣᠷᠣᠯᠴᠠᠭᠰᠠᠳ ᠪᠣᠳᠠᠲᠤ ᠪᠠᠶᠢᠳᠠᠯ ᠪᠣᠯᠣᠨ ᠠᠵᠢᠯ ᠤᠨ ᠲᠤᠷᠰᠢᠯᠭ᠎ᠠ ᠪᠠ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠨ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠣᠨᠣᠪᠴᠢ ᠶᠢᠨ ᠬᠡᠮᠵᠢᠶ᠎ᠡ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ᠂ ᠠᠵᠤ ᠦᠢᠯᠡᠰ ᠤᠨ ᠬᠥᠭᠵᠢᠯᠲᠡ ᠪᠠ ᠠᠮᠢ ᠠᠬᠤᠢ ᠶᠢᠨ ᠬᠠᠮᠠᠭᠠᠯᠠᠯᠲᠠ ᠶᠢᠨ ᠬᠠᠮᠵᠢᠯᠴᠠᠭ᠎ᠠ ᠵᠡᠷᠭᠡ ᠲᠠᠯ᠎ᠠ ᠶᠢᠨ ᠲᠣᠭᠤᠷᠢᠨ ᠳᠤ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠬᠤᠣᠰᠯᠠᠭᠤᠯᠤᠭᠰᠠᠨ ᠠᠯᠢ ᠣᠯᠠᠨ ᠰᠠᠨᠠᠯ ᠰᠠᠨᠠᠭᠤᠯᠭ᠎ᠠ ᠶᠢ ᠳᠤᠷᠠᠳᠤᠨ ᠭᠠᠷᠭᠠᠪᠠ᠃     ᠯᠠᠢ ᠮᠢᠩ᠂ ᠪᠠᠷᠠᠭᠤᠨ ᠦᠵᠦᠮᠦᠴᠢᠨ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠵᠢᠴᠢ ᠨᠥᠬᠦᠪᠦᠷᠢ ᠱᠠᠩᠨᠠᠯ ᠤᠨ ᠲᠥᠷᠥ  ᠶᠢᠨ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠣᠯᠣᠭᠰᠠᠨ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠢ ᠬᠦᠢᠴᠡᠳ ᠨᠤᠳᠠᠯᠠᠬᠤ ᠶᠢᠨ ᠬᠠᠮᠳᠤ ᠴᠢᠬᠤᠯᠠᠴᠢᠯᠠᠬᠤ ᠳᠠᠭᠠᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠣᠯ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠴᠢᠬᠤᠯᠠ ᠰᠠᠭᠤᠷᠢ ᠮᠥᠨ᠃ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ  ᠳᠡᠭᠡᠭᠰᠢᠯᠡᠭᠦᠯᠦᠨ᠂ ᠡᠯ᠎ᠡ ᠲᠠᠯ᠎ᠠ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠠᠮᠠᠭᠠᠯᠠᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠨᠤᠲᠤᠭ ᠪᠡᠯᠴᠢᠭᠡᠷ ᠤᠨ ᠳᠠᠭᠠᠭᠠᠴᠠ ᠬᠢᠭᠡᠳ ᠮᠠᠯᠴᠢᠳ ᠤᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠦᠨᠳᠦᠰᠦᠯᠡᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠥᠬᠦᠪᠦᠷᠢ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠣᠯᠭᠤᠬᠤ ᠶᠠᠪᠤᠴᠠ ᠶᠢ ᠴᠢᠩᠭᠠᠳᠬᠠᠨ᠂ ᠨᠥᠬᠦᠪᠦᠷᠢ ᠶᠢᠨ ᠤᠷᠮᠠᠰᠢᠭᠤᠯᠬᠤ ᠦᠢᠯᠡᠳᠦᠯ ᠢ ᠪᠠᠳᠠᠷᠠᠭᠤᠯᠬᠤ ᠭᠡᠷᠡᠭᠲᠠᠢ᠃ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠳᠤᠮᠳᠠ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠢᠨᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠮᠠᠷᠠᠲᠤ ᠬᠢᠯᠢ ᠶᠢᠨ ᠠᠮᠢ ᠠᠬᠤᠢ ᠶᠢᠨ ᠬᠠᠯᠬᠠᠪᠴᠢ ᠶᠢ ᠪᠠᠬᠢᠵᠢᠬᠦᠯᠬᠦ ᠬᠡᠷᠡᠭᠲᠠᠢ᠃ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠠᠮᠢ ᠠᠬᠤᠢ᠂ ᠠᠵᠤ ᠠᠬᠤᠢ ᠶᠢᠨ ᠬᠤᠣᠰ ᠠᠮᠵᠢᠯᠲᠠ ᠶᠢ ᠪᠡᠶᠡᠯᠡᠬᠦᠯᠬᠦ ᠭᠡᠷᠡᠭᠲᠠᠢ᠃ ᠦᠬᠡᠷ ᠬᠤᠨᠢᠨ ᠮᠢᠬᠠᠨ ᠤ ᠦᠨ᠎ᠡ ᠬᠠᠩᠰᠢ ᠶᠢᠨ ᠬᠡᠯᠪᠡᠯᠵᠡᠯ ᠳᠤ ᠴᠢᠭᠯᠡᠭᠦᠯᠦᠨ᠂ ᠦᠨ᠎ᠡ ᠬᠠᠩᠰᠢ ᠶᠢᠨ ᠬᠠᠮᠠᠭᠠᠯᠠᠯᠲᠠ  ᠶᠢᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠶᠢᠨ ᠲᠣᠬᠢᠷᠠᠭᠤᠯᠤᠯ ᠡᠵᠡᠮᠳᠡᠯ ᠢ ᠴᠢᠩᠭᠠᠳᠬᠠᠨ᠂ ᠮᠠᠯᠴᠢᠳ ᠤᠨ ᠠᠰᠢᠭ ᠣᠷᠣᠯᠭ᠎ᠠ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠮᠡᠷᠢᠯᠡᠬᠦ ᠭᠡᠷᠡᠭᠲᠠᠢ ᠬᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号