ᠵᠢᠯ ᠪᠦᠷᠢ ᠶᠢᠨ 3 ᠰᠠᠷ᠎ᠠ ᠶᠢᠨ 15 ᠤ ᠡᠳᠦᠷ ᠠᠴᠠ ᠲᠠᠯ᠎ᠠ ᠨᠣᠳᠤᠭ ᠣᠢ ᠰᠢᠭᠤᠢ ᠶᠢᠨ ᠭᠠᠯ ᠰᠡᠷᠭᠡᠶᠢᠯᠡᠬᠦ ᠠᠵᠢᠯ | ᠪᠦᠬᠦ ᠲᠠᠯ᠎ᠠ ᠪᠠᠷ ᠡᠬᠢᠯᠡᠳᠡᠭ᠃ ᠪᠠᠷᠠᠭᠤᠨ ᠦᠵᠦᠮᠦᠴᠢᠨ ᠬᠤᠰᠢᠭᠤᠨ ᠤ ᠬᠦᠷᠦᠭᠡᠰᠦᠳᠡᠢ ᠣᠯᠣᠰ ᠤᠨ ᠲᠡᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨ ᠣᠢ ᠰᠢᠭᠤᠢ ᠶᠢᠨ ᠭᠠᠯ ᠰᠡᠷᠭᠡᠶᠢᠯᠡᠬᠦ ᠠᠵᠢᠯ ᠢᠶᠠᠨ ᠪᠦᠬᠦ ᠲᠠᠯ᠎ᠠ ᠪᠠᠷ | ᠡᠮᠬᠢ ᠴᠡᠭᠴᠡ ᠲᠠᠢ ᠡᠬᠢᠯᠡᠬᠦᠯᠵᠦ᠂ ᠡᠳᠦᠷ ᠲᠣᠳᠣᠮ ᠤᠨ ᠲᠣᠭᠤᠷᠢᠨ ᠪᠠᠶᠢᠴᠠᠭᠠᠬᠤ᠂ ᠵᠠᠮ ᠲᠠᠭᠠᠣ ᠭᠠᠵᠠᠷ ᠣᠷᠣᠨ ᠤ | ᠲᠡᠷᠭᠡ ᠣᠨᠤᠭ᠎ᠠ ᠶᠢ ᠪᠠᠶᠢᠴᠠᠭᠠᠬᠤ᠂ ᠣᠬᠠᠭᠤᠯᠭ᠎ᠠ ᠶᠢᠨ ᠬᠠᠭᠤᠳᠠᠰᠣ ᠲᠠᠷᠬᠠᠭᠠᠬᠤ ᠵᠡᠷᠭᠡ ᠠᠵᠢᠯ ᠢ ᠡᠳᠦᠷ ᠲᠣᠳᠣᠮ ᠤᠨ | ᠭᠤᠣᠯ ᠠᠵᠢᠯ ᠪᠣᠯᠭᠠᠨ ᠠᠳᠬᠤᠵᠣ ᠪᠠᠶᠢᠨ᠎ᠠ᠃ | ᠬᠦᠷᠦᠭᠡᠰᠦᠳᠡᠢ ᠣᠯᠣᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠶᠡᠭᠡ ᠬᠢᠩᠭᠠᠨ ᠳᠠᠪᠠᠭᠠᠨ ᠤ ᠡᠮᠦᠨ᠎ᠡ | ᠬᠡᠰᠡᠭ ᠤᠨ ᠬᠡᠰᠡᠭ ᠠᠭᠤᠯᠠ ᠨᠢᠷᠣᠭᠤᠳ ᠢᠶᠠᠷ ᠪᠦᠷᠢᠯᠳᠦᠵᠣ᠂ ᠡᠪᠡᠰᠦ ᠣᠷᠭᠤᠮᠠᠯ᠂ ᠮᠣᠳᠣᠨ ᠤ ᠲᠦᠷᠦᠯ ᠡᠯᠪᠡᠭ ᠪᠠᠶᠢᠳᠠᠭ | ᠢᠶᠠᠷ ᠪᠠᠷᠠᠭᠤᠨ ᠦᠵᠦᠮᠦᠴᠢᠨ ᠬᠤᠰᠢᠭᠤᠨ ᠤ ᠵᠡᠬᠦᠨ ᠡᠮᠦᠨ᠎ᠡ ᠲᠠᠯ᠎ᠠ ᠶᠢᠨ ᠴᠢᠬᠤᠯᠠ ᠪᠠᠶᠢᠭᠠᠯᠢ ᠶᠢᠨ ᠨᠣᠮᠢᠨ ᠨᠣᠭᠤᠭᠠᠨ | ᠬᠠᠯᠬᠠᠪᠴᠢ ᠪᠣᠯᠵᠤ ᠪᠠᠶᠢᠳᠠᠭ᠃ ᠠᠳᠡ ᠵᠢᠯ ᠪᠦᠷᠢ ᠪᠣᠰᠣᠳ ᠭᠠᠵᠠᠷ ᠠᠴᠠ ᠠᠷᠪᠠᠭᠠᠳ ᠡᠳᠦᠷ ᠣᠷᠢᠳᠴᠢᠯᠠᠨ ᠭᠠᠯ | ᠰᠡᠷᠭᠡᠶᠢᠯᠡᠬᠦ ᠴᠠᠭ ᠬᠤᠭᠤᠴᠠᠭᠠᠨ ᠳᠤ ᠣᠷᠣᠵᠣ᠂ ᠡᠯ᠎ᠡ ᠣᠢ ᠰᠢᠭᠤᠢ ᠶᠢᠨ ᠬᠠᠮᠠᠭᠠᠯᠠᠯᠲᠠ ᠶᠢᠨ ᠥᠷᠳᠡᠭᠡ᠂ ᠭᠠᠯ ᠰᠡᠷᠭᠡᠶᠢᠯᠡᠬᠦ | ᠪᠠᠶᠢᠴᠠᠭᠠᠯᠲᠠ ᠶᠢᠨ ᠴᠡᠭ ᠨᠢ ᠭᠠᠯ ᠲᠣᠶᠢᠮᠡᠷ ᠢ ᠰᠡᠷᠭᠡᠶᠢᠯᠡᠬᠦ᠂ ᠬᠡᠮ ᠰᠣᠭᠤᠭ ᠢ ᠪᠠᠶᠢᠴᠠᠭᠠᠨ ᠴᠡᠭᠴᠡᠯᠡᠬᠦ ᠵᠡᠷᠭᠡ ᠠᠵᠢᠯ ᠢᠶᠠᠨ | ᠪᠦᠬᠦ ᠲᠠᠯ᠎ᠠ ᠪᠠᠷ ᠥᠷᠨᠢᠬᠦᠯᠵᠦ᠂ ᠰᠢᠭᠤᠶᠢᠳᠣ ᠣᠷᠣᠨ ᠤ ᠠᠮᠢ ᠠᠬᠤᠢ᠂ ᠠᠮᠣᠷ ᠲᠦᠪᠰᠢᠨ ᠢ ᠪᠦᠬᠦ ᠲᠠᠯ᠎ᠠ ᠪᠠᠷ ᠪᠠᠳᠣᠯᠠᠵᠣ | ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠭᠦᠷᠦᠭᠡᠰᠦᠳᠡᠢ ᠣᠯᠣᠰ ᠤᠨ ᠪᠠᠶᠢᠭᠠᠯᠢ ᠶᠢᠨ ᠬᠠᠮᠠᠭᠠᠯᠠᠯᠲᠠ ᠵᠢᠨᠣᠷᠣᠨ ᠤ ᠭᠠᠯ | ᠰᠡᠷᠭᠡᠶᠢᠯᠡᠬᠦ ᠠᠩᠭᠢ ᠶᠢᠨ ᠬᠠᠷᠢᠭᠤᠴᠠᠯᠭᠠᠳᠠᠨ ᠵᠠᠩ ᠵᠢᠨᠾᠦ᠋ᠢ᠄ ︽ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠵᠠᠮ | ᠱᠣᠭᠤᠮ ᠲᠠᠭᠠᠣ ᠭᠠᠯ ᠰᠡᠷᠭᠡᠶᠢᠯᠡᠬᠦ ᠣᠬᠠᠭᠤᠯᠭ᠎ᠠ ᠶᠢᠨ ᠲᠤᠭ ᠲᠡᠮᠳᠡᠭ ᠡᠯᠬᠦᠵᠦ᠂ ᠣᠢ ᠰᠢᠭᠤᠢ ᠪᠠ ᠲᠠᠯ᠎ᠠ ᠨᠣᠳᠤᠭ ᠤᠨ | ᠬᠢᠨᠠᠨ ᠬᠠᠮᠢᠶ᠋ᠷᠣᠯᠳᠠ ᠶᠢᠨ ᠲᠣᠪᠴᠢᠶ᠎ᠠ ᠨᠢ ᠭᠤᠣᠯ ᠪᠠᠶᠢᠭᠤᠯᠣᠯᠭ᠎ᠠ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠᠨ | ᠨᠠᠷᠢᠨᠬᠢᠨᠠᠮᠠᠭᠠᠢ ᠬᠦᠢᠴᠡᠳᠬᠡᠵᠦ᠂ ᠡᠯ᠎ᠡ ᠰᠣᠮᠣ ᠪᠠᠯᠭᠠᠰᠣ ᠨᠢ ᠢᠳᠡᠪᠬᠢᠳᠡᠢ ᠬᠠᠮᠵᠢᠯᠴᠡᠠ ᠡᠭᠡᠯᠵᠢᠯᠡᠨ ᠵᠢᠵᠢᠭᠦᠷᠯᠡᠬᠦ᠂ ᠬᠢᠨᠠᠯᠲᠠ | ᠲᠠᠯᠪᠢᠬᠤ ᠵᠡᠷᠭᠡ ᠠᠷᠭ᠎ᠠ ᠬᠡᠯᠪᠡᠷᠢ ᠪᠠᠷ ︿ᠭᠠᠯ ᠰᠡᠷᠭᠡᠶᠢᠯᠡᠬᠦ ᠳᠤ ᠬᠦᠮᠦᠨ ᠪᠦᠬᠦᠨ ᠬᠠᠷᠢᠭᠤᠴᠠᠯᠭ᠎ᠠ ᠲᠠᠢ﹀ ᠭᠡᠬᠦ ᠦᠵᠡᠯ | ᠣᠬᠠᠮᠰᠠᠷ ᠢ ᠬᠦᠮᠦᠨ ᠪᠦᠬᠦᠨ ᠳᠤ ᠣᠶᠢᠯᠠᠭᠠᠭᠤᠯᠬᠤ ᠶᠢ ᠵᠣᠷᠢᠨ ᠬᠦᠴᠦ ᠨᠢᠭᠡᠳᠦᠨ ᠠᠵᠢᠯᠯᠠᠵᠣ ᠪᠠᠶᠢᠨ᠎ᠠ︾ ᠭᠡᠯᠡ᠃ | |