3 ᠰᠠᠷ᠎ᠠ ᠶᠢᠨ 24 ᠤ ᠡᠳᠦᠷ᠂ ᠪᠤᠯᠠᠭᠠᠨ ᠭᠠᠴᠠᠭᠠᠨ ᠤ ᠨᠠᠮ ᠤᠨ ᠡᠭᠦᠷ 2024 ᠣᠨ ᠤ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠠ ᠠᠷᠠᠳᠴᠢᠯᠠᠯ ᠢᠶᠠᠷ ᠦᠨᠡᠯᠡᠬᠦ ᠨᠠᠮ ᠤᠨ ᠭᠡᠰᠢᠬᠦᠳ ᠤᠨ ᠬᠤᠷᠠᠯ | ᠬᠤᠷᠠᠯᠳᠤᠭᠤᠯᠵᠤ᠂ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠡᠷᠭᠢᠯᠡᠵᠦ᠂ ᠭᠠᠴᠠᠭᠠᠨ ᠤ ᠳᠠᠭᠠᠭᠠᠴᠢᠯᠠᠨ | ᠲᠡᠳᠬᠦᠬᠦ ᠤᠳᠤᠷᠢᠳᠤᠯᠭ᠎ᠠ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ ᠭᠠᠴᠠᠭᠠᠨ ᠤ ᠨᠠᠮ ᠤᠨ ᠭᠡᠰᠢᠭᠦᠳ | ᠬᠤᠷᠠᠯ ᠳᠤ ᠣᠷᠣᠯᠴᠠᠵᠠᠢ᠃ | ᠬᠤᠷᠠᠯ ᠠᠴᠠ ᠡᠮᠦᠨ᠎ᠡ᠂ ᠲᠤᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ | ᠬᠤᠷᠠᠯᠳᠤᠭᠤᠯᠬᠤ ᠶᠢᠨ ᠲᠥᠯᠥᠭᠡ᠂ ᠨᠠᠮ ᠤᠨ ᠡᠭᠦᠷ ᠢᠳᠡᠪᠬᠢᠲᠡᠢ ᠪᠠᠷ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ | ᠬᠤᠷᠠᠯ ᠠᠴᠠ ᠡᠮᠦᠨᠡᠬᠢ ᠰᠤᠷᠤᠯᠴᠠᠯᠭ᠎ᠠ ᠶᠢ ᠥᠷᠨᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ | ᠳᠦᠷᠢᠮ︾ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠵᠤ᠂ ᠰᠡᠳᠬᠢᠯ ᠤᠨ ᠦᠭᠡ ᠪᠠᠨ ᠬᠡᠯᠡᠯᠴᠡᠨ | ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠥᠷᠭᠡᠨ ᠳᠡᠯᠭᠡᠷᠡᠩᠭᠦᠢ ᠪᠠᠷ ᠰᠠᠨᠠᠯ ᠰᠠᠨᠠᠭᠤᠯᠭ᠎ᠠ ᠬᠤᠷᠢᠶᠠᠵᠤ᠂ | ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠨ ᠪᠠᠶᠢᠴᠠᠭᠠᠨ ᠳᠡᠯᠭᠡᠵᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠢ ᠰᠠᠶᠢᠲᠤᠷ ᠬᠤᠷᠠᠯᠳᠤᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠵᠤ᠂ ᠠᠵᠢᠯ ᠤᠨ | ᠪᠡᠯᠡᠳᠬᠡᠯ ᠢ ᠭᠦᠢᠴᠡᠳ ᠬᠢᠪᠡ᠃ | ᠬᠤᠷᠠᠯ ᠳᠡᠭᠡᠷ᠎ᠡ᠂ ᠭᠠᠴᠠᠭᠠᠨ ᠤ ᠨᠠᠮ ᠤᠨ ᠡᠭᠦᠷ ᠤᠨ ᠱᠦᠵᠢ ᠨᠠᠮ ᠤᠨ ᠡᠭᠦᠷ ᠢ ᠲᠥᠯᠥᠭᠡᠯᠡᠨ ᠬᠠᠷᠢᠴᠠᠭᠤᠯᠤᠨ | ᠪᠠᠶᠢᠴᠠᠭᠠᠵᠤ᠂ ᠨᠠᠮ ᠤᠨ ᠭᠡᠰᠢᠭᠦᠨ ᠤ ᠬᠢᠨᠠᠯᠲᠠ ᠪᠠ ᠦᠨᠡᠯᠡᠯᠲᠡ ᠶᠢ ᠬᠦᠯᠢᠶᠡᠪᠡ᠃ ᠳᠠᠷᠠᠭ᠎ᠠ ᠨᠢ ᠨᠠᠮ ᠤᠨ ᠭᠡᠰᠢᠬᠦᠳ | ︽ᠳᠦᠷᠪᠡ ᠶᠢ ᠳᠠᠭᠠᠭᠤᠯᠬᠤ︾ ᠪᠠᠷ ᠭᠤᠣᠯᠯᠠᠭᠤᠯᠤᠨ ᠥᠪᠡᠷ ᠤᠨ ᠰᠢᠭᠦᠮᠵᠢᠯᠡᠯ ᠬᠢᠵᠦ᠂ ᠪᠤᠰᠤᠳ ᠨᠠᠮ ᠤᠨ | ᠭᠡᠰᠢᠭᠦᠨ ᠰᠢᠭᠦᠮᠵᠢᠯᠡᠯ ᠰᠠᠨᠠᠯ ᠳᠤᠷᠠᠳᠤᠭᠠᠳ᠂ ᠪᠦᠯᠬᠦᠮᠳᠡᠯ ᠢ ᠴᠢᠩᠭᠠᠳᠬᠠᠬᠤ᠂ ᠠᠵᠢᠯ ᠢ ᠠᠬᠢᠭᠤᠯᠬᠤ | ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ᠃ ᠵᠠᠯᠭᠠᠭᠠᠳ ᠰᠢᠯᠭᠠᠨ ᠦᠨᠡᠯᠡᠬᠦ ᠬᠦᠰᠦᠨᠦᠭᠲᠦ ᠶᠢ ᠲᠠᠷᠬᠠᠭᠠᠬᠤ | ᠬᠡᠯᠪᠡᠷᠢ ᠪᠠᠷ ᠨᠠᠮ ᠤᠨ ᠡᠭᠦᠷ ᠤᠨ ᠤᠳᠤᠷᠢᠳᠬᠤ ᠪᠠᠭ᠂ ᠨᠠᠮ ᠤᠨ ᠭᠡᠰᠢᠭᠦᠨ ᠳᠤ ᠠᠷᠠᠳᠴᠢᠯᠠᠯ ᠢᠶᠠᠷ ᠰᠢᠯᠭᠠᠨ | ᠦᠨᠡᠯᠡᠯᠲᠡ ᠬᠢᠪᠡ᠃ ᠬᠠᠮᠤᠭ ᠰᠡᠭᠦᠯ ᠳᠤ᠂ ᠭᠠᠴᠠᠭ᠎ᠠ ᠶᠢ ᠳᠠᠭᠠᠭᠠᠴᠢᠯᠠᠭᠰᠠᠨ ᠤᠳᠤᠷᠢᠳᠤᠯᠭ᠎ᠠ ᠠᠴᠠ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠠ ᠠᠷᠠᠳᠴᠢᠯᠠᠯ ᠢᠶᠠᠷ ᠦᠨᠡᠯᠡᠬᠦ ᠨᠠᠮ ᠤᠨ ᠭᠡᠰᠢᠬᠦᠳ ᠤᠨ ᠬᠤᠷᠠᠯ ᠤᠨ | ᠬᠤᠷᠠᠯᠳᠤᠭᠰᠠᠨ ᠪᠠᠶᠢᠳᠠᠯ ᠳᠤ ᠦᠨᠡᠯᠡᠯᠲᠡ ᠬᠢᠬᠦ ᠶᠢᠨ ᠬᠠᠮᠲᠤ ᠭᠠᠴᠠᠭᠠᠨ ᠤ ᠲᠠᠷᠠᠭᠠᠴᠢ ᠶᠢᠨ ᠠᠯᠬᠤᠮ ᠤᠨ ᠠᠵᠢᠯ ᠳᠤ | ᠰᠠᠨᠠᠭᠤᠯᠭ᠎ᠠ ᠳᠤᠷᠠᠳᠪᠠ᠃ | ᠲᠤᠰ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠤᠭᠰᠠᠨ ᠨᠢ ᠨᠠᠮ ᠤᠨ ᠡᠭᠦᠷ ᠤᠨ ᠨᠢᠭᠲᠠᠷᠠᠯ ᠤᠨ ᠬᠦᠴᠦᠨ | ᠪᠠ ᠲᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠮ ᠤᠨ ᠭᠡᠰᠢᠭᠦᠨ ᠤ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠳᠡᠭᠡᠭᠰᠢᠯᠡᠭᠦᠯᠵᠡᠢ᠃ ᠲᠠᠷᠠᠭᠠᠴᠢ ᠶᠢᠨ ᠠᠯᠬᠤᠮ ᠳᠤ᠂ ᠪᠤᠯᠠᠭᠠᠨ | ᠭᠠᠴᠠᠭᠠᠨ ᠤ ᠨᠠᠮ ᠤᠨ ᠡᠭᠦᠷ ᠰᠤᠷᠲᠠᠯ ᠤᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ | ᠪᠠᠶᠢᠭᠤᠯᠤᠯᠲᠠ ᠶᠢᠨ ᠠᠵᠢᠯ ᠢᠶᠠᠷ ᠵᠢᠯᠣᠭᠤᠳᠤᠮᠵᠢ ᠪᠣᠯᠭᠠᠵᠤ᠂ ᠬᠤᠷᠠᠯ ᠤᠨ ᠦᠷ᠎ᠡ ᠪᠦᠲᠦᠭᠡᠯ ᠢ ᠦᠨᠡᠨᠬᠦ ᠠᠵᠢᠯ ᠢᠶᠠᠨ | ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠭᠠᠴᠠᠭᠠᠨ ᠤ ᠡᠯ᠎ᠡ ᠵᠦᠢᠯ ᠤᠨ | ᠠᠵᠢᠯ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠯᠠᠪᠳᠠᠭᠤᠨ ᠢᠶᠠᠷ ᠠᠬᠢᠭᠤᠯᠤᠨ᠎ᠠ᠃ | | | | | | | | | | | | | |