ᠪᠠᠶᠠᠨᠬᠤᠰᠢᠭᠤ ᠰᠤᠮᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/25
   ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠠᠵᠢᠯ ᠤᠨ ᠰᠠᠭᠤᠷᠢ ᠶᠢ ᠪᠠᠲᠤᠳᠬᠠᠬᠤ ᠶᠢᠨ ᠲᠥᠯᠥᠭᠡ᠂ 3 ᠰᠠᠷ᠎ᠠ ᠶᠢᠨ 22 ᠤᠨ ᠡᠳᠦᠷ᠂ ᠪᠠᠶᠠᠨᠬᠤᠰᠢᠭᠤ ᠰᠤᠮᠤᠨ ᠤ ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠬᠠᠪᠤᠷ ᠤᠨ ᠤᠯᠠᠷᠢᠯ ᠤᠨ ᠭᠤᠣᠯᠳᠠᠯᠭ᠎ᠠ ᠲᠠᠢ ᠠᠵᠢᠯ ᠤᠨ ᠬᠤᠷᠠᠯ ᠲᠠᠢ ᠤᠶᠠᠯᠳᠤᠭᠤᠯᠤᠨ᠂ ᠮᠠᠯ ᠠᠵᠤ ᠠᠬᠤᠢ ᠶᠢᠨ ᠬᠠᠮᠢᠶ᠎ᠠ ᠪᠦᠬᠦᠢ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠠᠴᠠ ᠤᠬᠠᠭᠤᠯᠭ᠎ᠠ ᠶᠢᠨ ᠮᠠᠲ᠋ᠧᠷᠢᠶᠡᠯ ᠲᠠᠷᠬᠠᠭᠠᠬᠤ ᠪᠠᠷ ᠳᠠᠮᠵᠢᠭᠤᠯᠵᠤ᠂ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠠᠷᠠᠴᠢᠯᠠᠯᠲᠠ ᠬᠠᠮᠢᠶᠠᠷᠤᠯᠲᠠ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠬᠤᠣᠷ ᠦᠭᠡᠢ ᠰᠢᠢᠳᠪᠦᠷᠢᠯᠡᠬᠦ ᠵᠡᠷᠭᠡ ᠮᠡᠳᠡᠯᠭᠡ ᠶᠢ ᠤᠬᠠᠭᠤᠯᠵᠠᠢ᠃ ᠡᠭᠦᠨ ᠠᠴᠠ ᠭᠠᠳᠠᠨ᠎ᠠ᠂ ᠠᠵᠢᠯᠲᠠᠳ ᠪᠠᠰᠠ ᠮᠠᠯ ᠠᠵᠤ ᠠᠬᠤᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠲᠠᠶᠢᠯᠤᠮᠵᠢ ᠬᠢᠵᠦ᠂ ᠮᠠᠯᠴᠢᠳ ᠲᠤ ᠮᠠᠯ ᠠᠵᠤ ᠠᠬᠤᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠣᠶᠢᠯᠠᠭᠠᠭᠤᠯᠪᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠢ ᠬᠤᠪᠢ ᠲᠠᠷᠬᠠᠭᠠᠵᠤ᠂ ᠮᠠᠯᠴᠢᠳ ᠤᠨ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠢ ᠴᠢᠬᠤᠯᠠᠴᠢᠯᠠᠬᠤ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠰᠤᠮᠤᠨ ᠤ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ  ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠶᠢᠨ ᠲᠣᠭᠤᠷᠢᠨ ᠳᠤ᠂ ᠮᠡᠷᠭᠡᠵᠢᠯ ᠢ ᠳᠡᠯᠭᠡᠷᠡᠭᠦᠯᠬᠦ ᠪᠠ ᠤᠬᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠶᠠᠨᠬᠤᠰᠢᠭᠤ ᠰᠤᠮᠤᠨ ᠤ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠣᠭᠲᠠᠭᠤᠨ ᠢᠶᠠᠷ ᠠᠬᠢᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号