3 ᠰᠠᠷ᠎ᠠ ᠶᠢᠨ 24 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ | 2025 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ | ᠠᠵᠢᠯ ᠳᠤ ᠳᠠᠬᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃ ᠬᠤᠰᠢᠭᠤ ᠳᠡᠳ᠋ ᠳᠠᠷᠤᠭ᠎ᠠ ᠷᠧᠨ ᠳ᠋ᠧ ᠰᠢᠨ ᠬᠤᠷᠠᠯ ᠢ | ᠡᠷᠭᠢᠯᠡᠨ ᠶᠠᠷᠢᠶ᠎ᠠ ᠲᠠᠯᠪᠢᠵᠤ᠂ ᠡᠯ᠎ᠡ ᠰᠤᠮᠤ ᠪᠠᠯᠭᠠᠰᠤ᠂ ᠭᠥᠷᠦᠭᠡᠰᠦᠲᠡᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠭᠠᠯ | ᠰᠡᠷᠭᠡᠶᠢᠯᠡᠬᠦ ᠦᠢᠯᠡᠴᠢᠯᠡᠭᠡᠨ ᠤ ᠲᠥᠪ᠂ ᠴᠠᠭ ᠠᠭᠤᠷ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ᠂ ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | | ᠬᠤᠷᠠᠯ ᠠᠴᠠ ᠵᠢᠭᠠᠵᠤ ᠭᠠᠷᠭᠠᠭᠰᠠᠨ ᠨᠢ᠂ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠮᠠᠨ ᠤ ᠬᠤᠰᠢᠭᠤᠨ ᠤ | ᠶᠡᠬᠡᠩᠬᠢ ᠭᠠᠵᠠᠷ ᠣᠷᠣᠨ ᠤ ᠬᠤᠷᠠᠭᠰᠠᠨ ᠴᠠᠰᠤ ᠨᠢᠭᠡᠨᠲᠡ ᠬᠠᠶᠢᠯᠵᠤ ᠳᠠᠭᠤᠰᠤᠭᠰᠠᠨ ᠪᠠᠶᠢᠨ᠎ᠠ᠃ 2024 ᠣᠨ ᠤ | ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠲᠠᠢ ᠤᠶᠠᠯᠳᠤᠭᠤᠯᠤᠨ ᠵᠠᠳᠠᠯᠪᠠᠯ᠂ ᠮᠠᠨ ᠤ | ᠬᠤᠰᠢᠭᠤᠨ ᠤ ᠡᠨᠡ ᠬᠠᠪᠤᠷ ᠤᠨ ᠰᠢᠲᠠᠮᠠᠬᠠᠢ ᠪᠣᠳᠠᠰ ᠤᠨ ᠨᠥᠭᠡᠴᠡ ᠶᠡᠭᠡ᠂ ᠬᠤᠷ᠎ᠠ ᠲᠤᠨᠳᠠᠰᠤᠨ ᠤ ᠬᠡᠮᠵᠢᠶ᠎ᠡ ᠡᠩ ᠤᠨ | ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠭ᠎ᠠ ᠪᠠᠶᠢᠵᠤ᠂ ᠭᠠᠯ ᠤᠨ ᠠᠶᠤᠯ ᠤᠨ ᠲᠠᠰ ᠨᠡᠯᠢᠶᠡᠳ ᠥᠨᠳᠥᠷ ᠂ ᠭᠠᠯ | ᠰᠡᠷᠭᠡᠶᠢᠯᠡᠬᠦ ᠭᠠᠯ ᠤᠨᠲᠠᠷᠠᠭᠠᠬᠤ ᠶᠡᠷᠦᠩᠬᠡᠢ ᠪᠠᠶᠢᠳᠠᠯ ᠨᠡᠯᠢᠶᠡᠳ ᠬᠦᠨᠳᠦ ᠪᠠᠶᠢᠨ᠎ᠠ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠨᠢ ᠡᠷᠬᠡᠪᠰᠢ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂ ᠠᠯᠮᠠᠶᠢᠷᠠᠨ ᠲᠠᠶᠢᠪᠤᠰᠢᠷᠠᠬᠤ ᠦᠵᠡᠯ | ᠰᠠᠨᠠᠭ᠎ᠠ ᠪᠠ ᠠᠵᠠ ᠬᠠᠷᠠᠭᠰᠠᠨ ᠪᠣᠳᠣᠯ ᠢ ᠡᠷᠡᠰ ᠲᠡᠪᠴᠢᠵᠦ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠪᠣᠳᠠᠲᠠᠢ | ᠠᠷᠭ᠎ᠠ ᠬᠡᠮᠵᠢᠶ᠎ᠡ ᠪᠠᠷ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠯ᠎ᠡ ᠵᠦᠢᠯ ᠤᠨ ᠠᠵᠢᠯ ᠢ | ᠰᠠᠶᠢᠲᠤᠷ ᠠᠳᠬᠤᠬᠤ ᠬᠡᠷᠡᠭᠲᠡᠢ ᠭᠡᠵᠡᠢ᠃ | | | ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠬᠤᠰᠢᠭᠤ ᠨᠢ ᠣᠳᠣ ᠭᠠᠯ ᠲᠦᠢᠮᠡᠷ ᠮᠠᠰᠢ ᠠᠮᠠᠷᠬᠠᠨ ᠡᠭᠦᠰᠬᠦ | ᠤᠯᠠᠷᠢᠯ ᠳᠤ ᠣᠷᠣᠭᠰᠠᠨ ᠮᠥᠷᠲᠡᠭᠡᠨ ︽ᠬᠠᠩᠰᠢ ᠶᠢᠨ ᠡᠳᠦᠷ︾ ᠣᠶᠢᠷᠠᠳᠴᠤ ᠪᠠᠶᠢᠭ᠎ᠠ ᠪᠣᠯᠬᠤᠷ ᠡᠯ᠎ᠡ ᠰᠤᠮᠤ ᠪᠠᠯᠭᠠᠰᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠨᠢ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠶ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ | ᠤᠨ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠᠨ | ᠨᠠᠷᠢᠯᠢᠭᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠯ᠎ᠡ ᠵᠦᠢᠯ ᠤᠨ ᠠᠷᠭ᠎ᠠ | ᠬᠡᠮᠵᠢᠶ᠎ᠡ ᠪᠠᠨ ᠨᠠᠷᠢᠨ ᠨᠢᠮᠪᠠᠢ ᠪᠣᠳᠠᠲᠠᠶᠢᠵᠢᠭᠤᠯᠵᠤ᠂ ᠭᠠᠯ ᠲᠦᠢᠮᠡᠷ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠬᠤᠶᠠᠷ ᠲᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠨ᠂ ᠪᠣᠬᠢᠷᠲᠤᠯ ᠦᠭᠡᠢ ᠪᠣᠯᠪᠠᠰᠤᠨ ᠲᠠᠬᠢᠯᠭ᠎ᠠ ᠶᠢ ᠰᠠᠨᠠᠭᠠᠴᠢᠯᠠᠵᠤ᠂ ᠲᠠᠬᠢᠯᠭ᠎ᠠ ᠬᠢᠬᠦ ᠬᠥᠮᠥᠰ ᠢ | ᠤᠬᠠᠭᠤᠯᠤᠨ ᠵᠢᠯᠤᠭᠤᠳᠬᠤ ᠪᠠ ᠭᠠᠯ ᠤᠨ ᠢᠷᠡᠯᠲᠡ ᠶᠢ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ | ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ | ᠤᠨᠲᠠᠷᠠᠭᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠯ ᠰᠡᠷᠭᠡᠶᠢᠯᠡᠬᠦ ᠭᠠᠯ | ᠤᠨᠲᠠᠷᠠᠭᠠᠬᠤ ᠮᠠᠰᠢᠨ ᠪᠠᠭᠠᠵᠢ᠂ ᠬᠤᠪᠴᠠᠰᠤ ᠬᠤᠨᠠᠷ ᠵᠡᠷᠭᠡ ᠲᠥᠬᠦᠭᠡᠷᠦᠮᠵᠢ ᠶᠢᠨ ᠪᠡᠯᠡᠳᠬᠡᠯ ᠪᠠᠶᠢᠳᠠᠯ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠳᠠᠭᠠᠭᠤᠯᠬᠤ᠂ ᠵᠠᠷᠯᠢᠭ ᠬᠦᠯᠢᠶᠡᠬᠦ ᠪᠠ ᠭᠠᠯ | ᠤᠨ ᠪᠠᠶᠢᠳᠠᠯ ᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠳᠥᠷᠪᠡ ᠳᠤ᠂ ᠱᠠᠯᠠᠪᠳᠠᠭᠤᠯᠤᠨ ᠪᠠᠶᠢᠴᠠᠭᠠᠬᠤ | ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠨ᠂ ᠬᠦᠨᠳᠦ ᠶᠡᠭᠡ ᠭᠠᠯ ᠤᠨ ᠭᠠᠮᠰᠢᠭ ᠤᠨ | ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯ ᠤᠨ ᠲᠠᠷᠠᠭ᠎ᠠ᠂ ᠷᠧᠨ ᠳ᠋ᠧ ᠰᠢᠨ ᠨᠠᠷ ᠤᠯᠠᠭᠠᠨᠬᠠᠭᠠᠯᠭ᠎ᠠ ᠰᠣᠮᠣᠨ ᠳᠤ ᠬᠦᠷᠴᠦ ᠬᠠᠪᠤᠷ ᠤᠨ ᠤᠯᠠᠷᠢᠯ ᠤᠨ ᠤᠢ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠪᠡᠯᠡᠳᠬᠡᠯ ᠪᠠᠶᠢᠳᠠᠯ ᠢ ᠲᠤᠬᠠᠢ ᠶᠢᠨ | ᠭᠠᠵᠠᠷ ᠲᠤᠨᠢ ᠬᠦᠷᠴᠦ ᠪᠠᠶᠢᠴᠠᠭᠠᠪᠠ᠃ | | |