ᠡᠨᠡ ᠵᠢᠯ ᠤᠨ ᠪᠥᠬᠦ ᠤᠯᠤᠰ ᠤᠨ ︽ᠬᠤᠶᠠᠷ ᠬᠤᠷᠠᠯ︾ ᠳᠡᠭᠡᠷ᠎ᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠠᠴᠠ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭ᠎ᠠ︾ ᠶᠢ | ᠬᠡᠷᠡᠭᠵᠢᠭᠦᠯᠦᠨ᠎ᠡ ᠭᠡᠰᠡᠨ ᠪᠠᠶᠢᠨ᠎ᠠ᠃ ᠡᠭᠦᠨ ᠤ ᠭᠤᠣᠯ ᠵᠣᠷᠢᠯᠭ᠎ᠠ ᠨᠢ ᠪᠥᠬᠦ ᠨᠡᠶᠢᠭᠡᠮ ᠢᠶᠠᠷ ᠢᠶᠠᠨ ᠪᠡᠶ᠎ᠡ ᠶᠢᠨ | ᠬᠦᠨᠳᠦ ᠶᠢ ᠴᠢᠬᠤᠯᠠᠴᠢᠯᠠᠵᠤ᠂ ᠪᠡᠶ᠎ᠡ ᠶᠢᠨ ᠬᠦᠨᠳᠦ ᠪᠠᠨ ᠬᠠᠮᠢᠶᠠᠷᠴᠣ᠂ ᠡᠷᠡᠭᠦᠯ ᠢᠶᠠᠷ ᠬᠤᠭᠤᠯᠠᠯᠠᠨ᠂ ᠪᠡᠶ᠎ᠡ | ᠲᠠᠮᠢᠷ ᠤᠨ ᠪᠤᠯᠪᠠᠰᠣᠷᠠᠯ ᠳᠤ ᠢᠳᠡᠪᠬᠢᠲᠡᠢ ᠣᠷᠣᠯᠴᠠᠬᠤ ᠵᠡᠷᠭᠡ ᠰᠠᠶᠢᠨ ᠰᠠᠶᠢᠬᠠᠨ ᠠᠮᠢᠳᠣᠷᠠᠯ ᠤᠨ ᠠᠷᠭ᠎ᠠ ᠬᠡᠯᠪᠡᠷᠢ ᠪᠠ | ᠳᠠᠳᠬᠠᠯ ᠢ ᠪᠤᠢ ᠪᠤᠯᠭᠠᠬᠤ ᠪᠤᠯᠤᠨ᠎ᠠ ᠃ | ᠶᠠᠭᠠᠬᠢᠭᠠᠳ ᠤᠯᠤᠰ ᠠᠴᠠ ᠬᠤᠪᠢ ᠬᠥᠮᠥᠨ ᠤ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢ ᠢᠩᠭᠢᠵᠦ | ᠴᠢᠬᠤᠯᠠᠴᠢᠯᠠᠬᠤ ᠪᠣᠯᠣᠭᠰᠠᠨ ᠪᠣᠢ︖ | ᠣᠴᠢᠷ ᠨᠢ ᠨᠢᠭᠡ ᠪᠦᠯᠦᠭ ᠲᠤᠭ᠎ᠠ ᠪᠠᠷᠢᠮᠲᠠ ᠶᠢ ᠦᠨᠳᠦᠰᠦᠯᠡᠪᠡᠯ᠂ ᠬᠡᠷᠪᠡ ᠪᠦᠲᠦᠮᠵᠢᠲᠡᠶ ᠬᠤᠷᠢᠭᠯᠠᠵᠤ ᠳᠡᠶᠢᠯᠬᠦ | ᠦᠭᠡᠢ ᠪᠣᠯ 2030 ᠣᠨ ᠪᠤᠯᠬᠤ ᠳᠤ ᠮᠠᠨ ᠤ ᠤᠯᠤᠰ ᠤᠨ ᠨᠠᠰᠤᠨ ᠳᠤ ᠭᠦᠷᠦᠭᠰᠡᠳ ᠤᠨ ᠬᠡᠲᠦ ᠬᠦᠨᠳᠦ | ᠮᠠᠷᠢᠶᠠᠯᠠᠬᠤ ᠨᠣᠷᠮ᠎ᠠ 70.5% ᠳᠤ ᠬᠦᠷᠴᠦ᠂ ᠬᠡᠦᠬᠡᠳ ᠤᠨ ᠬᠡᠲᠦ ᠬᠦᠨᠳᠦ ᠮᠠᠷᠢᠶᠠᠯᠠᠬᠤ ᠨᠣᠷᠮ᠎ᠠ 31.8% ᠳᠤ | ᠬᠦᠷᠬᠦ ᠪᠣᠯᠣᠨ᠎ᠠ ᠭᠡᠰᠡᠨ ᠪᠠᠶᠢᠨ᠎ᠠ᠃ | ᠬᠦᠮᠦᠨ ᠤ ᠪᠡᠶ᠎ᠡ ᠳᠤ ᠠᠪᠴᠤ ᠬᠡᠯᠡᠪᠡᠯ ᠂ ᠪᠡᠶ᠎ᠡ ᠶᠢᠨ ᠬᠦᠨᠳᠦ ᠬᠡᠪ ᠤᠨ ᠪᠤᠰᠤ ᠪᠣᠯᠬᠤ ᠨᠢ ᠴᠢᠰᠤᠨ ᠳᠠᠷᠤᠯᠲᠠ | ᠥᠨᠳᠥᠷ᠂ ᠰᠢᠬᠢᠷ ᠰᠢᠵᠢᠩ ᠡᠪᠡᠳᠴᠢᠨ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠡᠯᠢᠭᠡ | ᠥᠭᠡᠬᠦᠯᠡᠬᠦ ᠵᠡᠷᠭᠡ ᠡᠪᠡᠳᠴᠢᠨ ᠢ ᠠᠮᠠᠷᠬᠠᠨ ᠡᠭᠦᠰᠬᠡᠵᠦ᠂ ᠴᠢᠨᠠᠭᠰᠢᠯᠠᠪᠠᠯ ᠨᠢᠭᠡ ᠪᠦᠯᠦᠭ ᠥᠮᠡᠨ ᠡᠪᠡᠳᠴᠢᠨ ᠨᠢ | ᠪᠠᠰᠠ ᠪᠡᠶ᠎ᠡ ᠶᠢᠨ ᠬᠦᠨᠳᠦ ᠬᠡᠪ ᠤᠨ ᠪᠤᠰᠤ ᠪᠠᠶᠢᠳᠠᠯ ᠲᠠᠢ ᠵᠣᠬᠢᠬᠤ ᠬᠠᠷᠢᠴᠠᠭ᠎ᠠ ᠲᠠᠢ ᠪᠠᠶᠢᠳᠠᠭ ᠶᠤᠮ ᠪᠠᠶᠢᠨ᠎ᠠ᠃ | ᠡᠳᠡᠭᠡᠷ ᠤᠳᠠᠭᠠᠨ ᠴᠢᠨᠠᠷᠲᠠᠢ ᠡᠪᠡᠳᠴᠢᠨ ᠡᠮᠭᠡᠭ ᠨᠢ ᠨᠢᠭᠡᠨᠲᠡ ᠠᠷᠠᠳ ᠢᠷᠭᠡᠳ ᠤᠨ ᠡᠷᠡᠭᠦᠯ ᠮᠡᠨᠳᠦ ᠳᠤ ᠬᠤᠣᠷ | ᠬᠥᠨᠥᠭᠡᠯ ᠤᠴᠠᠷᠠᠭᠤᠯᠬᠤ ᠬᠠᠮᠤᠭ ᠭᠤᠣᠯ ᠲᠦᠭᠰᠢᠭᠦᠷᠢᠲᠦ ᠡᠪᠡᠳᠴᠢᠨ ᠡᠮᠭᠡᠭ ᠪᠣᠯᠤᠭᠰᠠᠨ ᠪᠠᠶᠢᠨ᠎ᠠ᠃ | ᠬᠡᠳᠦ ᠮᠠᠷᠢᠶᠠᠯᠠᠬᠤ ᠨᠢ ᠣᠯᠠᠨ ᠵᠦᠢᠯ ᠤᠨ ᠡᠯᠧᠮᠧᠨ᠋ᠲ ᠤᠨ ᠨᠥᠯᠥᠭᠡ ᠶᠢ ᠬᠦᠷᠲᠡᠳᠡᠭ᠃ ᠡᠭᠦᠨ ᠳᠤ ᠤᠳᠤᠮᠰᠢᠯ᠂ | ᠢᠳᠡᠭᠡᠨ ᠤᠮᠳᠠᠭᠠᠨ᠂ ᠪᠡᠶ᠎ᠡ ᠮᠠᠬᠠᠪᠤᠳ ᠤᠨ ᠬᠥᠳᠡᠯᠭᠡᠭᠡᠨ ᠤ ᠬᠢᠷᠢ ᠬᠡᠮᠵᠢᠶ᠎ᠡ᠂ ᠠᠮᠢᠳᠤᠷᠠᠯ ᠤᠨ ᠳᠠᠳᠬᠠᠯ ᠵᠢᠴᠢ | ᠨᠡᠶᠢᠭᠡᠮ ᠤᠨ ᠣᠷᠴᠢᠨ ᠲᠣᠭᠤᠷᠢᠨ ᠤ ᠬᠤᠪᠢᠷᠠᠯᠲᠠ ᠵᠡᠷᠭᠡ ᠪᠠᠭᠲᠠᠨ᠎ᠠ᠃ | ᠲᠡᠭᠡᠪᠡᠯ ᠴᠣᠬᠤᠮ ᠬᠡᠳᠦᠢ ᠮᠠᠷᠢᠶ᠎ᠠ ᠨᠢ ᠰᠠᠶ᠋ᠢ ᠵᠢᠩᠬᠢᠨᠢ ᠬᠦᠨᠳᠦ ᠠᠴᠠ ᠬᠡᠲᠦᠷᠡᠭᠰᠡᠨ ᠮᠠᠷᠢᠶ᠎ᠠ ᠪᠣᠯᠬᠤ ᠪᠤᠢ︖ | ︽ᠥᠪᠡᠷ ᠢ ᠪᠠᠨ ᠮᠠᠷᠢᠶ᠎ᠠ ᠲᠠᠢ ᠭᠡᠵᠦ ᠪᠤᠳᠤᠬᠤ︾ ᠨᠢ ᠦᠨᠡᠬᠡᠷ ᠮᠠᠷᠢᠶ᠎ᠠ ᠲᠠᠢ ᠭᠡᠰᠡᠨ ᠶᠠᠪᠤᠳᠠᠯ ᠪᠢᠰᠢ᠂ | ᠡᠭᠦᠨ ᠳᠤ ᠪᠡᠶ᠎ᠡ ᠮᠠᠬᠠᠪᠤᠳ ᠤᠨ ᠵᠢᠭᠠᠯᠲᠠ ᠲᠤᠭ᠎ᠠ ᠶᠢ ᠦᠵᠡᠨ᠎ᠡ᠃ | ᠡᠭᠦᠨ ᠳᠤ ᠨᠢᠭᠡᠨ ᠰᠣᠯᠢᠵᠤ ᠪᠤᠳᠤᠬᠤ ᠲᠣᠮᠢᠶ᠎ᠠ ᠪᠤᠢ᠃ ᠳᠠᠷᠤᠢ ᠪᠡᠶ᠎ᠡ ᠶᠢᠨ ᠬᠦᠨᠳᠦ ᠪᠠᠨ ᠪᠡᠶ᠎ᠡ ᠶᠢᠨ | ᠥᠨᠳᠥᠷ ᠤᠨ ᠺᠦᠸᠠᠳ᠋ ᠢᠶᠠᠷ ᠬᠤᠪᠢᠶᠠᠪᠠᠯ ᠪᠡᠶ᠎ᠡ ᠮᠠᠬᠠᠪᠤᠳ ᠤᠨ ᠢᠯᠡᠳᠬᠡᠭᠴᠢ ᠲᠤᠭ᠎ᠠ ᠶᠢ ᠣᠯᠬᠤ ᠪᠣᠯᠣᠨ᠎ᠠ᠃ | ᠡᠭᠦᠨ ᠢ BMI ᠶᠢᠨ ᠢᠯᠡᠳᠬᠡᠭᠴᠢ ᠲᠤᠭ᠎ᠠ ᠭᠡᠨ᠎ᠡ ᠃ | BMI ᠶᠢᠨ ᠬᠡᠪ ᠤᠨ ᠬᠡᠪᠴᠢᠶ᠎ᠡ ᠨᠢ 18.5 ᠠᠴᠠ 24 ᠶᠢᠨ ᠬᠤᠭᠤᠷᠣᠨᠳᠤ ᠪᠠᠶᠢᠳᠠᠭ᠃ | BMI ᠶᠢᠨ ᠢᠯᠡᠳᠬᠡᠭᠴᠢ ᠲᠤᠭ᠎ᠠ ᠨᠢ 24 ᠠᠴᠠ 28 ᠤ ᠬᠤᠭᠤᠷᠣᠨᠳᠤ ᠪᠠᠶᠢᠪᠠᠯ ᠬᠦᠨᠳᠦ ᠠᠴᠠ | ᠬᠡᠲᠦᠷᠡᠭᠰᠡᠨ ᠳᠤ ᠲᠤᠭᠠᠴᠠᠭᠳᠠᠨ᠎ᠠ᠃ 28 ᠪᠤᠶᠤ 28 ᠠᠴᠠ ᠬᠡᠲᠦᠷᠡᠪᠡᠯ ᠳᠠᠷᠤᠢ ᠬᠡᠳᠦ ᠮᠠᠷᠢᠶ᠎ᠠ ᠪᠣᠯᠣᠨ᠎ᠠ᠃ | ᠡᠷᠡᠭᠦᠯ ᠢᠶᠠᠷ ᠮᠠᠷᠢᠶ᠎ᠠ ᠪᠠᠨ ᠰᠢᠭᠤᠷᠠᠭᠤᠯᠬᠤ ᠳᠤ ᠶᠠᠭᠠᠬᠢᠵᠤ ᠬᠤᠭᠤᠯᠠᠯᠠᠪᠠᠯ ᠵᠣᠬᠢᠬᠤ ᠪᠤᠢ ︖ | ᠣᠶᠢᠷᠠᠬᠠᠨ ᠤᠯᠤᠰ ᠠᠴᠠ ᠡᠷᠡᠭᠦᠯ ᠢᠶᠠᠷ ᠮᠠᠷᠢᠶ᠎ᠠ ᠰᠢᠭᠤᠷᠠᠭᠤᠯᠬᠤ ᠢᠳᠡᠭᠡᠨ ᠤ ᠵᠣᠷ ᠢ ᠨᠡᠶᠢᠲᠡᠯᠡᠵᠦ ᠂ ᠪᠥᠬᠦ | ᠤᠯᠤᠰ ᠤᠨ ᠡᠯ᠎ᠡ ᠭᠠᠵᠠᠷ ᠣᠷᠣᠨ ᠳᠤ ᠬᠦᠷᠲᠡᠯ᠎ᠡ ᠂ ᠬᠠᠪᠤᠷ ᠵᠣᠨ ᠨᠠᠮᠤᠷ ᠡᠪᠦᠯ ᠳᠥᠷᠪᠡᠨ ᠤᠯᠠᠷᠢᠯ ᠳᠤ ᠬᠦᠷᠲᠡᠯ᠎ᠡ | ᠨᠠᠷᠢᠪᠴᠢᠯᠠᠵᠦ᠂ ᠪᠠᠰᠠ ᠶᠡᠷᠦᠩᠬᠡᠢ ᠡᠨᠧᠷᠭᠢ ᠶᠢ ᠬᠠᠳᠠᠭᠰᠠᠨ ᠪᠠᠶᠢᠨ᠎ᠠ᠃ | ᠰᠢᠨᠵᠢᠯᠡᠬᠦ ᠤᠬᠠᠭᠠᠨᠴᠢ ᠪᠠᠷ ᠮᠠᠷᠢᠶ᠎ᠠ ᠰᠢᠭᠤᠷᠠᠭᠤᠯᠬᠤ ᠳᠤ ᠡᠨᠡ 4 ᠵᠦᠢᠯ ᠢ ᠪᠠᠷᠢᠮᠲᠠᠯᠠᠬᠤ ᠬᠡᠷᠡᠭᠲᠡᠢ | 1. ᠲᠣᠭᠲᠠᠭᠰᠠᠨ ᠴᠠᠭ ᠲᠤ ᠲᠣᠭᠲᠠᠭᠰᠠᠨ ᠬᠡᠮᠵᠢᠶ᠎ᠡ ᠲᠠᠢ ᠪᠠᠷ ᠬᠤᠭᠤᠯᠠᠯᠠᠬᠤ | ᠥᠷᠯᠥᠭᠡ ᠶᠢᠨ ᠬᠤᠭᠤᠯᠠ ᠶᠢ ᠴᠢᠬᠤᠯᠠᠴᠢᠯᠠᠵᠤ᠂ ᠣᠷᠣᠢ ᠶᠢᠨ ᠬᠤᠭᠤᠯᠠ ᠪᠠᠨ ᠣᠷᠣᠢ ᠢᠳᠡᠵᠦ ᠪᠣᠯᠬᠤ ᠦᠭᠡᠢ᠃ | 17:00~19:00 ᠲᠤ ᠣᠷᠣᠢ ᠶᠢᠨ ᠬᠤᠭᠤᠯᠠ ᠪᠠᠨ ᠢᠳᠡᠵᠦ᠂ ᠣᠷᠣᠢ ᠶᠢᠨ ᠬᠤᠭᠤᠯᠠᠨ ᠤ ᠳᠠᠷᠠᠭ᠎ᠠ ᠶᠠᠮᠠᠷ ᠴᠤ | ᠢᠳᠡᠭᠡᠨ ᠢ ᠢᠳᠡᠵᠦ ᠪᠣᠯᠬᠤ ᠦᠭᠡᠢ᠂ ᠭᠡᠪᠡᠴᠦ ᠤᠰᠤ ᠤᠤᠭᠤᠵᠤ ᠪᠣᠯᠣᠨ᠎ᠠ᠃ | 2. ᠰᠤᠯᠠ ᠢᠳᠡᠭᠡᠨ ᠪᠠᠭ᠎ᠠ ᠢᠳᠡᠵᠦ᠂ ᠤᠮᠳᠠᠭᠠᠨ ᠢ ᠪᠠᠭ᠎ᠠ ᠣᠣᠭᠤᠨ᠎ᠠ | ᠭᠡᠷ ᠲᠡᠭᠡᠨ ᠪᠤᠶᠤ ᠭᠠᠳᠠᠨ᠎ᠠ ᠬᠤᠭᠤᠯᠠᠯᠠᠬᠤ ᠳᠤ ᠪᠦᠷ ᠢᠳᠡᠭᠡᠨ ᠤᠮᠳᠠᠭᠠᠨ ᠢᠶᠠᠨ ᠬᠢᠵᠠᠭᠠᠷᠯᠠᠬᠤ ᠶᠢ ᠬᠢᠴᠢᠶᠡᠵᠦ᠂ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠡᠲᠦᠷᠡᠲᠡᠯ᠎ᠡ ᠢᠳᠡᠵᠦ ᠤᠤᠭᠤᠬᠤ ᠦᠭᠡᠢ ᠪᠠᠶᠢᠵᠤ᠂ ᠳᠤᠷ᠎ᠠ ᠪᠠᠷ ᠢᠶᠠᠨ | ᠰᠤᠯᠠ ᠢᠳᠡᠭᠡᠨ ᠢᠳᠡᠬᠦ᠂ ᠤᠮᠳᠠᠭᠠᠨ ᠤᠤᠭᠤᠬᠤ ᠶᠢ ᠴᠡᠭᠡᠷᠯᠡᠵᠦ᠂ ᠰᠥᠨᠢ ᠶᠢᠨ ᠬᠤᠭᠤᠯᠠ ᠢᠳᠡᠬᠦ ᠠᠴᠠ | ᠵᠠᠶᠢᠯᠠᠰᠬᠢᠬᠦ ᠬᠡᠷᠡᠭᠲᠡᠢ᠃ | 3. ᠬᠤᠭᠤᠯᠠ ᠢᠳᠡᠬᠦ ᠳᠤ ᠪᠠᠨ ᠨᠠᠷᠢᠨ ᠵᠠᠵᠢᠯᠵᠤ ᠤᠳᠠᠭᠠᠨ ᠵᠠᠯᠭᠢᠪᠠᠯ ᠵᠣᠬᠢᠨ᠎ᠠ | ᠬᠤᠭᠤᠯᠠ ᠢᠳᠡᠬᠦ ᠳᠡᠭᠡᠨ ᠨᠠᠷᠢᠨ ᠵᠠᠵᠢᠯᠵᠤ ᠤᠳᠠᠭᠠᠨ ᠵᠠᠯᠭᠢᠬᠤ ᠨᠢ ᠢᠳᠡᠬᠦ ᠬᠡᠮᠵᠢᠶ᠎ᠡ ᠶᠢ ᠪᠠᠭᠠᠰᠬᠠᠵᠤ᠂ | ᠬᠤᠭᠤᠯᠠᠨ ᠤ ᠬᠤᠷᠳᠤᠴᠠ ᠶᠢ ᠤᠳᠠᠭᠠᠰᠢᠷᠠᠭᠤᠯᠤᠨ᠂ ᠴᠠᠳᠬᠤᠯᠠᠩ ᠲᠥᠷᠥᠭᠳᠡᠯ ᠢ ᠨᠡᠮᠡᠭᠳᠡᠭᠦᠯᠵᠦ᠂ ᠥᠯᠥᠰᠬᠦ | ᠲᠥᠷᠥᠭᠳᠡᠯ ᠢ ᠪᠠᠭᠤᠷᠠᠭᠤᠯᠬᠤ ᠳᠤ ᠠᠰᠢᠭᠲᠠᠢ ᠪᠠᠶᠢᠳᠠᠭ᠃ | 4. ᠬᠤᠭᠤᠯᠠ ᠢᠳᠡᠬᠦ ᠳᠡᠰ ᠳᠠᠷᠠᠭ᠎ᠠ ᠶᠢ ᠵᠣᠬᠢᠰᠲᠠᠢ ᠥᠭᠡᠷᠡᠴᠢᠯᠡᠨ᠎ᠡ | ︽ᠢᠳᠡᠰᠢᠨ ᠨᠣᠭᠤᠭ᠎ᠠ ᠨᠢᠭᠡ ᠮᠢᠬᠠᠨ ᠤ ᠵᠦᠢᠯ ᠨᠢᠭᠡ ᠭᠤᠣᠯ ᠢᠳᠡᠭᠡᠨ︾ ᠤ ᠳᠠᠷᠠᠭᠠᠯᠠᠯ ᠢᠶᠠᠷ ᠬᠤᠭᠤᠯᠠ | ᠢᠳᠡᠬᠦ ᠨᠢ ᠥᠨᠳᠥᠷ ᠡᠨᠧᠷᠭᠢᠲᠦ ᠢᠳᠡᠭᠡᠨ ᠤ ᠢᠳᠡᠬᠦ ᠬᠡᠮᠵᠢᠶ᠎ᠡ ᠶᠢ ᠪᠠᠭᠠᠰᠬᠠᠬᠤ ᠳᠤ ᠠᠰᠢᠭᠲᠠᠢ ᠶᠤᠮ᠃ | ᠬᠤᠭᠤᠯᠠ ᠢᠳᠡᠬᠦ ᠠᠴᠠ ᠭᠠᠳᠠᠨ᠎ᠠ᠂ ᠮᠠᠷᠢᠶ᠎ᠠ ᠪᠠᠨ ᠰᠢᠭᠤᠷᠠᠭᠤᠯᠬᠤ ᠳᠤ ᠳᠣᠣᠷᠠᠬᠢ ᠵᠦᠢᠯ ᠪᠠᠰᠠ ᠮᠠᠰᠢ ᠴᠢᠬᠤᠯᠠ | ᠪᠠᠶᠢᠳᠠᠭ | 1. ᠬᠦᠢᠴᠡᠳ ᠤᠨᠲᠠᠬᠤ | ᠰᠥᠨᠢᠵᠢᠨ ᠤᠨᠲᠠᠬᠤ ᠦᠭᠡᠢ᠂ ᠨᠣᠶᠢᠷ ᠳᠣᠲᠠᠭᠤ᠂ ᠠᠵᠢᠯᠯᠠᠵᠤ ᠠᠮᠠᠷᠠᠬᠤ ᠵᠣᠬᠢᠰ ᠦᠭᠡᠢ ᠪᠣᠯ ᠳᠣᠲᠣᠭᠠᠳᠤ | ᠰᠢᠭᠦᠷᠡᠯᠲᠡ ᠶᠢ ᠰᠠᠮᠠᠭᠤᠷᠠᠭᠤᠯᠵᠤ᠂ ᠥᠭᠡᠬᠦ ᠶᠢᠨ ᠰᠣᠯᠢᠯᠴᠠᠭ᠎ᠠ ᠶᠢ ᠬᠡᠪ ᠤᠨ ᠪᠤᠰᠤ ᠪᠣᠯᠭᠠᠵᠤ᠂ ︽ᠬᠡᠲᠦᠷᠬᠡᠢ | ᠶᠠᠳᠠᠷᠠᠭᠰᠠᠨ︾ ᠪᠠᠶᠢᠳᠠᠯ ᠢ ᠪᠣᠢ ᠪᠤᠯᠭᠠᠨ ᠮᠠᠷᠢᠶ᠎ᠠ ᠰᠢᠭᠤᠷᠠᠭᠤᠯᠬᠤ ᠶᠢ ᠬᠠᠷᠰᠢᠯᠠᠳᠠᠭ ᠃ ᠡᠶᠢᠮᠦ ᠠᠴᠠ ᠡᠳᠦᠷ | ᠰᠥᠨᠢ ᠶᠢᠨ ᠬᠤᠪᠢᠨ ᠳᠤ ᠪᠥᠲᠦᠨ 7 ᠴᠠᠭ ᠣᠷᠴᠢᠮ ᠤᠨ ᠤᠨᠲᠠᠬᠤ ᠨᠣᠶᠢᠷ ᠢ ᠪᠠᠲᠤᠯᠠᠪᠠᠯ ᠮᠠᠷᠢᠶ᠎ᠠ | ᠰᠢᠭᠤᠷᠠᠭᠤᠯᠬᠤ ᠳᠤ ᠠᠰᠢᠭᠲᠠᠢ ᠪᠠᠶᠢᠳᠠᠭ ᠃ | 2. ᠬᠥᠳᠡᠯᠭᠡᠭᠡᠨ | ᠪᠡᠶ᠎ᠡ ᠶᠢᠨ ᠬᠥᠳᠡᠯᠭᠡᠭᠡᠨ ᠭᠦᠢᠴᠡᠳ ᠪᠤᠰᠤ ᠪᠤᠶᠤ ᠤᠳᠠᠭᠠᠨ ᠰᠠᠭᠤᠬᠤ᠂ ᠲᠠᠶᠢᠪᠤᠩ ᠠᠮᠢᠳᠤᠷᠠᠯ ᠤᠨ ᠠᠷᠭ᠎ᠠ ᠮᠠᠶ᠋ᠢᠭ | ᠪᠣᠯ ᠮᠠᠷᠢᠶᠠᠯᠠᠬᠤ ᠶᠢᠨ ᠴᠢᠬᠤᠯᠠ ᠰᠢᠯᠲᠠᠭᠠᠨ ᠪᠣᠯᠣᠨ᠎ᠠ᠃ ᠪᠡᠶ᠎ᠡ ᠶᠢᠨ ᠬᠦᠨᠳᠦ ᠶᠢ ᠪᠠᠭᠤᠷᠠᠭᠤᠯᠬᠤ ᠬᠥᠳᠡᠯᠭᠡᠭᠡᠨ ᠤ | ᠵᠠᠷᠴᠢᠮ ᠨᠢ ᠳᠤᠮᠳᠠ ᠳᠣᠣᠷ᠎ᠠ ᠬᠦᠴᠦᠯᠡᠴᠡ ᠲᠠᠢ ᠬᠦᠴᠢᠯᠲᠥ᠋ᠷᠥᠭᠴᠢᠲᠦ ᠬᠥᠳᠡᠯᠭᠡᠭᠡᠨ ᠢᠶᠠᠷ ᠭᠤᠣᠯᠯᠠᠵᠤ᠂ | ᠰᠠᠭᠠᠲᠠᠯᠲᠠ ᠶᠢ ᠡᠰᠡᠷᠭᠦᠴᠡᠬᠦ ᠬᠥᠳᠡᠯᠭᠡᠭᠡᠨ ᠢᠶᠠᠷ ᠬᠠᠪᠰᠤᠷᠤᠮᠵᠢ ᠪᠣᠯᠭᠠᠵᠤ᠂ ᠳᠤᠮᠳᠠ ᠵᠡᠷᠭᠡ ᠶᠢᠨ ᠬᠦᠴᠦᠯᠡᠴᠡ ᠲᠠᠢ | ᠬᠦᠴᠢᠯᠲᠥ᠋ᠷᠥᠭᠴᠢᠲᠦ ᠬᠥᠳᠡᠯᠭᠡᠭᠡᠨ ᠢ ᠭᠠᠷᠠᠭ ᠪᠦᠷᠢ 5~7 ᠡᠳᠦᠷ᠂ ᠨᠠᠭᠠᠲᠤ ᠵᠠᠬ᠎ᠠ ᠳᠠᠭᠠᠨ ᠡᠳᠦᠷ ᠠᠯᠤᠰᠯᠠᠨ | ᠨᠢᠭᠡ ᠤᠳᠠᠭ᠎ᠠ ᠬᠢᠵᠦ᠂ ᠰᠠᠭᠠᠲᠠᠯᠲᠠ ᠶᠢ ᠡᠰᠡᠷᠭᠦᠴᠡᠬᠦ ᠬᠥᠳᠡᠯᠭᠡᠭᠡᠨ ᠢ ᠭᠠᠷᠠᠭ ᠪᠦᠷᠢ 2~3 ᠡᠳᠦᠷ᠂ ᠡᠳᠦᠷ | ᠠᠯᠤᠰᠯᠠᠨ ᠨᠢᠭᠡ ᠤᠳᠠᠭ᠎ᠠ ᠬᠢᠵᠦ᠂ ᠤᠳᠠᠭ᠎ᠠ ᠪᠦᠷᠢ 10~20 ᠮᠢᠨᠦ᠋ᠲ ᠬᠢᠵᠦ᠂ ᠭᠠᠷᠠᠭ ᠪᠦᠷᠢ ᠬᠥᠳᠡᠯᠭᠡᠭᠡᠨ ᠢᠶᠠᠷ | ᠳᠠᠮᠵᠢᠨ ᠡᠨᠧᠷᠭᠢ ᠶᠢ 2000kcal ᠪᠤᠶᠤ ᠲᠡᠭᠦᠨ ᠠᠴᠠ ᠳᠡᠭᠡᠭᠰᠢ ᠭᠠᠳᠠᠭᠰᠢᠯᠠᠭᠤᠯᠬᠤ ᠬᠡᠷᠡᠭᠲᠡᠢ᠃ | 3. ᠬᠡᠳᠤ ᠤᠳᠠᠭᠠᠨ ᠰᠠᠭᠤᠬᠤ | ᠡᠳᠦᠷ ᠪᠦᠷᠢ ᠰᠠᠭᠤᠬᠤ ᠴᠠᠭ ᠢ 2 ᠠᠴᠠ 4 ᠴᠠᠭ ᠤᠨ ᠳᠣᠲᠣᠷ᠎ᠠ ᠬᠢᠵᠠᠭᠠᠷᠯᠠᠵᠤ᠂ ᠣᠷᠳᠣ ᠬᠤᠭᠤᠴᠠᠭ᠎ᠠ ᠪᠠᠷ | ᠰᠠᠭᠤᠬᠤ ᠠᠵᠢᠯᠲᠠᠳ ᠴᠠᠭ ᠪᠦᠷᠢ ᠪᠣᠰᠴᠤ 3 ︱5 ᠮᠢᠨᠦ᠋ᠲ ᠬᠥᠳᠡᠯᠭᠡᠭᠡᠨ ᠬᠢᠬᠦ ᠶᠢ ᠪᠠᠲᠤᠯᠠᠬᠤ ᠬᠡᠷᠡᠭᠲᠡᠢ ᠃ | |