ᠮᠠᠯᠴᠢᠨ ᠬᠡᠰᠢᠭᠳᠡᠯᠠᠢ ᠬᠦᠷᠦᠰᠦ ᠦᠭᠡᠢ ᠪᠠᠷ ᠡᠪᠡᠰᠦ ᠲᠠᠷᠢᠵᠤ ᠠᠰᠢᠭᠯᠠᠵᠤ ᠪᠠᠶᠢᠨ᠎ᠠ
ᠨᠡᠶᠢᠲᠡᠯᠡᠭᠰᠡᠨ ᠴᠠᠭ᠄
2025/3/27
   ᠤᠷᠴᠢᠮᠬᠠᠨ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠸᠠ ᠪᠠᠯᠭᠠᠰᠤᠨ ᠤ  ᠠᠯᠳᠠᠨᠬᠢᠩᠭᠠᠨ ᠭᠠᠴᠠᠭᠠᠨ ᠤ ᠮᠠᠯᠴᠢᠨ ᠬᠡᠰᠢᠭᠳᠡᠯᠠᠢ ᠶᠢᠨ ᠬᠦᠷᠦᠰᠦ ᠦᠭᠡᠢ ᠪᠠᠷ ᠲᠠᠷᠢᠬᠤ ᠲᠡᠵᠢᠭᠡᠯ ᠡᠪᠡᠰᠦᠨ ᠤ ᠫᠧᠩ ᠳᠤ ᠰᠢᠨ᠎ᠡ ᠰᠤᠷᠭᠤᠭ ᠡᠪᠡᠰᠦ ᠢᠭᠴᠤᠷᠠᠨ ᠤᠷᠭᠤᠵᠤ᠂ ᠠᠮᠢᠵᠢᠷᠠᠯ ᠤᠨ ᠬᠦᠴᠦᠨ ᠢᠶᠠᠷ  ᠪᠢᠯᠬᠠᠨ᠂ ᠬᠡᠰᠢᠭᠳᠡᠯᠠᠢ ᠬᠡᠷᠭᠡᠢ ᠲᠠᠢ ᠪᠠᠨ ᠬᠤᠶᠠᠭᠤᠯᠠ ᠬᠦᠢᠴᠡᠳ ᠤᠷᠭᠤᠭᠰᠠᠨ ᠰᠢᠨ᠎ᠡ ᠰᠤᠷᠭᠤᠭ ᠡᠪᠡᠰᠦ ᠪᠠᠨ ᠬᠤᠷᠢᠶᠠᠨ᠂ ᠲᠠᠬᠢᠨ ᠤᠬᠢᠶᠠᠵᠤ ᠪᠡᠯᠡᠳᠭᠡᠭᠰᠡᠨ ᠪᠤᠭᠤᠳᠠᠢ ᠶᠢᠨ ᠦᠷ᠎ᠡ ᠶᠢ  ᠡᠪᠡᠰᠦ ᠲᠡᠷᠢᠬᠤ ᠰᠠᠪᠠᠨ ᠳᠤ ᠲᠡᠭᠰᠢᠯᠡᠨ  ᠲᠠᠷᠢᠭᠠᠳ ᠶᠠᠭᠠᠷᠠᠯᠳᠠᠢ ᠪᠠᠶᠢᠯ᠎ᠠ᠃
       ᠢᠩᠭᠢᠭᠡᠳ ᠬᠤᠷᠢᠶᠠᠭᠰᠠᠨ ᠰᠢᠨ᠎ᠡ ᠡᠪᠡᠰᠦ  ᠪᠤᠯᠤᠨ ᠬᠦᠭᠡ  ᠡᠪᠡᠰᠦ ᠶᠢ  ᠨᠠᠶᠢᠷᠠᠭᠤᠯᠤᠨ ᠵᠢᠭᠤᠷᠠᠬᠤ ᠮᠠᠰᠢᠨ ᠳᠤ  ᠲᠤᠭᠳᠠᠭᠰᠠᠨ ᠬᠠᠷᠢᠴᠠᠯ ᠢᠶᠠᠷ ᠬᠤᠯᠢᠵᠤ ᠵᠢᠭᠤᠷᠠᠵᠤ ᠨᠠᠶᠢᠷᠠᠭᠤᠯᠤᠭᠰᠠᠨ   ᠤ ᠲᠠᠷᠠᠭ᠎ᠠ ᠫᠧᠩ ᠳᠡᠭᠡᠨ ᠠᠪᠠᠴᠢᠵᠤ᠂ ᠦᠬᠡᠷ  ᠲᠡᠭᠡᠨ ᠲᠠᠷᠬᠠᠭᠠᠨ ᠦᠭᠭᠦ ᠳᠤ ᠦᠬᠡᠷ ᠤᠳ ᠨᠢ ᠠᠮᠳᠠᠳᠠᠶᠢᠬᠠᠨ ᠢᠳᠡᠰᠢᠯᠡᠵᠦ ᠬᠦᠳᠡᠯᠮᠦᠷᠢᠴᠢ ᠡᠵᠡᠨ ᠢᠶᠠᠨ ᠪᠠᠶᠠᠰᠬᠠᠨ᠎ᠠ᠃    ᠡᠳᠡᠨᠡᠶᠢᠬᠢᠨ ᠤ ᠰᠠᠭᠤᠷᠢ ᠪᠦᠳᠦᠬᠡᠨ ᠪᠠᠶᠢᠭᠤᠯᠤᠯᠲᠠ᠂  ᠲᠤᠨᠤᠭ ᠲᠦᠭᠦᠭᠡᠷᠦᠮᠵᠢ᠂ ᠮᠠᠰᠢᠨ ᠪᠠᠭᠠᠵᠢ ᠠᠴᠠ ᠲᠠᠷᠠᠭᠠᠯᠠᠨ ᠳᠡᠭᠡᠳᠦ ᠬᠡᠮᠵᠢᠶ᠎ᠡ ᠪᠠᠷ ᠮᠧᠬᠠᠨᠢᠭᠵᠢᠭᠤᠯᠵᠤ᠂ ᠬᠦᠳᠡᠯᠮᠦᠷᠢ ᠬᠦᠴᠦ ᠶᠢ ᠶᠡᠭᠡᠪᠡᠷ ᠠᠷᠪᠢᠯᠠᠭᠰᠠᠨ ᠢᠶᠠᠷ  ᠪᠠᠷᠠᠬᠤ ᠦᠭᠡᠢ ᠮᠠᠯ ᠤᠨᠤᠭᠠᠨ ᠤ ᠲᠡᠵᠢᠭᠡᠯ ᠠᠷᠠᠴᠢᠯᠠᠭ᠎ᠠ ᠶᠢᠨ ᠦᠷ᠎ᠡ ᠪᠦᠲᠦᠮᠵᠢ   ᠶᠢ ᠲᠡᠭᠡᠭᠰᠢᠯᠡᠬᠦᠯᠦᠭᠰᠡᠨ ᠶᠤᠮ᠃    ᠣᠶᠢᠷ᠎ᠠ ᠶᠢᠨ ᠵᠢᠯ ᠠᠴᠠ ᠨᠠᠰᠢ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠠᠵᠢᠯ ᠤᠨ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠬᠡᠰᠢᠭᠳᠡᠯᠠᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠠ ᠠᠮᠢ ᠠᠬᠤᠢ ᠶᠢᠨ ᠬᠠᠮᠠᠭᠠᠯᠠᠯᠲᠠ ᠶᠢ ᠲᠡᠩᠴᠡᠭᠦᠷᠢᠲᠡᠢ ᠪᠠᠶᠢᠯᠭᠠᠬᠤ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠬᠥᠷᠥᠰᠥ ᠦᠭᠡᠢ ᠪᠠᠷ ᠡᠪᠡᠰᠦ ᠲᠠᠷᠢᠬᠤ ᠮᠡᠷᠭᠡᠵᠢᠯ ᠤᠨ ᠲᠦᠷᠦᠯ ᠵᠦᠢᠯ ᠢ ᠡᠷᠡᠮᠡᠯᠵᠡᠯᠡᠨ ᠤᠯᠵᠤ᠂ ᠦᠨᠦ ᠬᠠᠪᠤᠷ ᠠᠴᠠ ᠲᠤᠷᠰᠢᠨ ᠭᠡᠷᠡᠭᠯᠡᠵᠦ᠂ ᠮᠠᠯ ᠤᠨ ᠲᠡᠵᠢᠭᠡᠯ ᠡᠪᠡᠰᠦ ᠪᠣᠷᠳᠣᠭᠠᠨ ᠤ ᠥᠪᠡᠷ ᠤᠨ ᠦᠷᠳᠡᠭ ᠢ ᠵᠤᠬᠢᠬᠤ ᠬᠡᠮᠵᠢᠶᠡᠨ ᠳᠤ  ᠪᠠᠭᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠠᠯᠲᠠ ᠳᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠠᠮᠢ ᠠᠬᠤᠢ ᠪᠠ ᠠᠵᠤ ᠠᠬᠤᠢ ᠶᠢᠨ ᠬᠤᠣᠰ ᠠᠮᠵᠢᠯᠲᠠ ᠶᠢ ᠣᠯᠬᠤ ᠰᠢᠨ᠎ᠡ ᠶᠢ ᠡᠭᠦᠳᠬᠦ ᠵᠠᠮ  ᠢᠶᠠᠷ  ᠵᠠᠮᠨᠠᠵᠤ ᠶᠠᠪᠤᠭ᠎ᠠ ᠪᠢᠯᠡ᠃
       ᠬᠡᠰᠢᠭᠳᠡᠯᠠᠢ ᠶᠢᠨ ᠬᠢ ᠠᠮᠠ ᠪᠦᠯᠢ ᠲᠠᠪᠤᠭᠤᠯᠠ᠂ ᠨᠤᠳᠤᠭ ᠪᠡᠯᠴᠢᠭᠡᠷ ᠤᠨ ᠲᠠᠯᠠᠪᠠᠢ ᠨᠢ 6000 ᠮᠦ  ᠪᠠᠶᠢᠵᠤ᠂ ᠡᠭᠦᠨ ᠳᠤ ᠦᠪᠡᠷ ᠤᠨ 3000 ᠮᠦ ᠳᠠᠭᠠᠭᠠᠴᠢᠯᠠᠭᠰᠠᠨ ᠲᠠᠯᠠᠪᠠᠢ ᠪᠠ 3000 ᠮᠦ ᠪᠤᠰᠤᠳ ᠠᠴᠠ ᠲᠦᠷᠢᠶᠡᠰᠦᠯᠡᠭᠰᠡᠨ ᠲᠠᠯᠠᠪᠠᠢ  ᠪᠠᠭᠳᠠᠵᠤ ᠪᠤᠢ  ᠃ ᠲᠡᠷᠡᠪᠡᠷ 2021 ᠣᠨ ᠳᠤ᠂ ︽ᠬᠡᠰᠢᠭ︾  ᠭᠡᠷ ᠪᠦᠯᠢ ᠶᠢᠨ  ᠮᠠᠯᠵᠢᠯ ᠤᠨ ᠲᠠᠯᠠᠪᠠᠶ ᠶᠢ  ᠲᠠᠩᠰᠠᠯᠠᠭᠤᠯᠤᠭᠰᠠᠨ ᠪᠥᠭᠡᠳ ᠮᠠᠯ ᠤᠨ  ᠫᠧᠩ ᠬᠤᠷᠢᠶ᠎ᠠ᠂ ᠡᠪᠡᠰᠦ ᠬᠠᠳᠠᠭᠠᠯᠠᠬᠤ ᠫᠧᠩ᠂ ᠮᠠᠰᠢᠨ ᠬᠤᠳᠳᠤᠭ ᠵᠡᠷᠭᠡ ᠦᠢᠯᠡᠳᠪᠦᠷᠢᠯᠡᠯ ᠠᠮᠢᠳᠤᠷᠠᠯ ᠤᠨ ᠰᠠᠭᠤᠷᠢ ᠪᠦᠳᠦᠭᠡᠨ ᠪᠠᠶᠢᠭᠤᠯᠤᠯᠲᠠ ᠶᠢ ᠢᠵᠢ ᠪᠦᠷᠢᠨᠰᠢᠬᠦᠯᠵᠦ᠂ ᠬᠤᠳᠬᠤᠭᠤᠷ ᠮᠠᠰᠢᠨ᠂ ᠵᠢᠭᠤᠷᠠᠵᠤ ᠨᠠᠶᠢᠷᠠᠭᠤᠯᠬᠤ ᠮᠠᠰᠢᠨ ᠵᠡᠷᠭᠡ ᠮᠠᠰᠢᠨ ᠲᠤᠨᠤᠭᠯᠠᠯ ᠤᠨ ᠵᠦᠢᠯᠡᠰ ᠢ ᠴᠦ ᠪᠦᠬᠦᠨ ᠢ ᠪᠦᠷᠢᠳᠦᠭᠦᠯᠦᠨ᠂ ᠤᠳᠤᠬᠢᠴᠢᠯᠠᠭᠰᠠᠨ ᠬᠡᠪᠴᠢᠶᠡᠵᠢᠭᠦᠯᠦᠨ ᠮᠠᠯᠵᠢᠬᠤ ᠵᠠᠮ ᠢᠶᠠᠷ ᠵᠠᠮᠨᠠᠬᠤ ᠳᠠᠭᠠᠨ ᠬᠦᠢᠴᠡᠳ ᠨᠦᠬᠦᠴᠡᠯ ᠬᠠᠩᠭᠠᠭᠰᠠᠨ ᠪᠠᠶᠢᠨ᠎ᠠ᠃    ᠬᠡᠰᠢᠭᠳᠡᠯᠠᠢ ︽ᠨᠠᠷᠢᠯᠢᠭ ᠲᠡᠵᠢᠭᠡᠵᠦ ᠴᠥᠭᠡᠨ ᠲᠡᠵᠢᠭᠡᠬᠦ︾ ᠲᠥᠷᠥ ᠶᠢᠨ ᠪᠣᠳᠣᠯᠭ᠎ᠠ ᠶᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠵᠤᠷᠢᠭᠳᠠᠢ ᠪᠠᠷ ᠰᠦᠷᠦᠭ ᠤᠨ ᠪᠦᠳᠦᠴᠠ ᠳᠡᠭᠡᠨ ᠲᠤᠬᠢᠷᠠᠭᠤᠯᠤᠯᠲᠠ ᠬᠢᠵᠦ᠂  ᠬᠤᠨᠢ ᠪᠠᠨ ᠴᠦᠭᠡᠴᠢᠯᠡᠨ ᠭᠠᠳᠠᠨ᠎ᠠ ᠠᠴᠠ ᠰᠢᠯᠢᠳᠡᠭ ᠡᠭᠦᠯᠳᠡᠷ  ᠤᠨ ᠦᠬᠡᠷ ᠣᠷᠣᠭᠤᠯᠤᠨ ᠠᠪᠴᠢᠷᠠᠵᠤ᠂  ᠬᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠬᠡᠪᠴᠢᠶᠡᠵᠢᠬᠦᠯᠦᠨ ᠮᠠᠯᠵᠢᠬᠤ ᠵᠠᠭᠪᠤᠷ ᠢᠶᠠᠨ ᠤᠳᠤᠬᠢᠴᠢᠯᠠᠬᠤ᠂ ᠡᠷᠴᠢᠮᠵᠢᠭᠦᠯᠬᠦ᠂ ᠮᠧᠬᠠᠨᠢᠭᠵᠢᠭᠤᠯᠬᠤ ᠴᠢᠭᠯᠡᠯ ᠲᠡᠰᠢ ᠲᠡᠰ ᠲᠡᠪᠰᠢᠬᠦᠯᠦᠨ ᠬᠤᠪᠢᠷᠠᠭᠤᠯᠬᠤ ᠶᠢ ᠠᠬᠢᠭᠤᠯᠤᠭᠰᠠᠭᠠᠷ ᠢᠷᠡᠵᠠᠢ᠃ ᠡᠶᠢᠨᠬᠦ ᠦᠨᠦ ᠬᠠᠪᠤᠷ᠂ ᠮᠠᠯ ᠤᠨᠤᠭᠠᠨ ᠤ ᠲᠡᠵᠢᠭᠡᠯ ᠪᠤᠷᠳᠤᠭᠠᠨ ᠤ ᠥᠪᠡᠷ ᠤᠨ ᠥᠷᠲᠡᠭ ᠢᠶᠠᠨ ᠪᠠᠭᠤᠷᠠᠭᠤᠯᠬᠤ  ᠶᠢᠨ ᠬᠠᠮᠲᠤ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠵᠤᠷᠢᠯᠭ᠎ᠠ ᠪᠠᠷ ᠬᠥᠷᠥᠰᠥ ᠦᠭᠡᠢ ᠪᠠᠷ ᠡᠪᠡᠰᠦ ᠳᠠᠷᠢᠬᠤ ᠮᠡᠷᠭᠡᠵᠢᠯ ᠢᠶᠠᠷ ᠰᠢᠨ᠎ᠡ ᠰᠤᠷᠭᠤᠭ  ᠡᠪᠡᠰᠦ  ᠲᠠᠷᠢᠬᠤ ᠲᠤᠷᠰᠢᠯᠲᠠ ᠪᠠᠨ ᠡᠬᠢᠯᠡᠬᠦᠯᠵᠠᠢ᠃
     ᠤᠶᠢᠯᠠᠭᠠᠭᠰᠠᠨ ᠢᠶᠠᠷ᠂ ᠨᠢᠭᠡ ᠵᠢᠩ ᠪᠤᠭᠤᠳᠠᠢ ᠶᠢᠨ ᠦᠷ᠎ᠡ ᠶᠢᠨ ᠥᠪᠡᠷ ᠤᠨ ᠥᠷᠲᠡᠭ ᠨᠢ 1.6  ᠲᠥᠭᠦᠷᠢᠭ ᠪᠠᠶᠢᠵᠤ᠂  ᠲᠠᠪᠤᠨ ᠵᠢᠩ ᠡᠪᠡᠰᠦ ᠤᠷᠭᠤᠳᠠᠭ᠂ ᠬᠦᠬᠡ ᠡᠪᠡᠰᠦ  ᠪᠠ ᠪᠤᠷᠳᠤᠭ᠎ᠠ ᠪᠠᠷ ᠬᠤᠯᠢᠵᠦ ᠲᠡᠵᠢᠭᠡᠭᠰᠡᠨ ᠲᠠᠢ ᠠᠳᠠᠯᠢᠳᠬᠠᠪᠠᠯ᠂ ᠥᠪᠡᠷ ᠤᠨ ᠥᠷᠲᠡᠭ ᠨᠢ ᠮᠡᠳᠡᠭᠳᠡᠮ᠎ᠡ ᠲᠤᠤᠷ᠎ᠠ ᠶᠤᠮ᠃ ᠡᠶᠢᠨᠬᠦ ᠲᠠᠷᠢᠭᠰᠠᠨ ᠰᠢᠨ᠎ᠡ ᠡᠪᠡᠰᠦ ᠪᠠᠨ ᠬᠡᠰᠢᠭᠳᠡᠯᠠᠢ ᠦᠬᠡᠷ ᠲᠤ  ᠪᠠᠨ ᠲᠤᠷᠰᠢᠨ ᠬᠡᠷᠡᠭᠯᠡᠭᠰᠡᠨ ᠤ ᠳ᠋ᠦᠩ ᠳᠤ  ᠦᠷ᠎ᠡ ᠪᠦᠳᠦᠮᠵᠢ ᠨᠡᠯᠢᠶᠡᠳ ᠰᠠᠶᠢᠨ ᠪᠠᠶᠢᠵᠤ᠂ ᠦᠬᠡᠷ ᠤᠨ ᠢᠳᠡᠭᠡᠨ ᠤ ᠲᠤᠷᠠᠰᠢᠯ ᠰᠠᠶᠢᠨ᠂ ᠬᠤᠶᠠᠷ ᠵᠦᠢᠯ ᠤᠨ ᠡᠪᠡᠰᠦ ᠶᠢ ᠲᠤᠭᠳᠠᠭᠰᠠᠨ ᠬᠠᠷᠢᠴᠠᠯ ᠢᠶᠠᠷ ᠨᠠᠶᠢᠷᠠᠭᠤᠯᠤᠨ ᠦᠭᠭᠦ ᠳᠤ ᠦᠬᠡᠷ ᠤᠳ  ᠨᠢ ᠲᠤᠩ ᠢᠳᠡᠬᠦ   ᠲᠤᠷᠠᠳᠠᠢ ᠪᠠᠶᠢᠯ᠎ᠠ᠃    ᠤᠷᠴᠢᠮ ᠤᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠶᠡᠬᠡᠪᠡᠷ ᠭᠦᠭᠵᠢᠬᠦᠯᠵᠦ᠂ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢ ᠠᠬᠢᠭᠤᠯᠪᠠ᠃ ᠬᠥᠷᠥᠰᠥ ᠦᠭᠡᠢ ᠪᠠᠷ ᠲᠡᠵᠢᠭᠡᠯ ᠡᠪᠡᠰᠦ ᠳᠠᠷᠢᠬᠤ ᠮᠡᠷᠭᠡᠵᠢᠯ ᠢ ᠳᠡᠯᠭᠡᠷᠡᠭᠦᠯᠬᠦ ᠪᠠᠷ ᠳᠠᠮᠵᠢᠭᠤᠯᠤᠨ᠂ ᠲᠡᠷᠢᠭᠦᠨ ᠤ ᠲᠡᠵᠢᠭᠡᠨ ᠦᠷᠡᠵᠢᠭᠦᠯᠬᠦ ᠲᠥᠬᠦᠭᠡᠷᠦᠮᠵᠢ ᠬᠤᠳᠠᠯᠳᠤᠨ ᠠᠪᠴᠤ᠂ ᠣᠶᠤᠨᠴᠢ ᠮᠠᠯᠵᠢᠯ ᠤᠨ ᠲᠠᠯᠠᠪᠠᠶ ᠶᠢᠨ ᠲᠠᠪᠴᠠᠩ ᠢ ᠪᠠᠶᠢᠭᠤᠯᠵᠤ᠂  ᠤᠳᠤᠬᠠᠨ  ᠪᠤᠯᠳᠠᠯ᠎ᠠ 200 ᠣᠶᠤᠨᠴᠢ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠬᠦ ᠡᠷᠦᠬᠡ ᠶᠢ ᠡᠭᠦᠳᠦᠨ ᠪᠠᠶᠢᠭᠤᠯᠵᠤ᠂ 20 ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠶ ᠪᠠ 1 ᠳᠤᠮᠳᠠ ᠬᠡᠯᠪᠡᠷᠢ ᠶᠢᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ ᠪᠠᠶᠢᠭᠤᠯᠤᠭᠰᠠᠨ ᠪᠠᠶᠢᠨ᠎ᠠ᠃ ᠡᠲᠡᠭᠡᠷ ᠠᠷᠭ᠎ᠠ ᠬᠡᠮᠵᠢᠶ᠎ᠡ ᠨᠢ ᠮᠠᠯ ᠠᠵᠤ ᠠᠬᠤᠢ ᠶᠢᠨ ᠬᠡᠪᠴᠢᠶᠡᠵᠢᠭᠰᠡᠨ᠂ ᠡᠷᠴᠢᠮᠵᠢᠭᠰᠡᠨ  ᠂ ᠲᠡᠰ ᠲᠡᠪᠰᠢᠬᠦᠯᠬᠦ ᠳᠠᠰᠢ ᠬᠤᠪᠢᠷᠠᠬᠤ ᠶᠢ ᠬᠦᠴᠦᠲᠡᠢ ᠠᠬᠢᠭᠤᠯᠵᠤ ᠂ ᠠᠮᠢ ᠠᠬᠤᠢ ᠶᠢᠨ ᠬᠠᠮᠠᠭᠠᠯᠠᠯᠲᠠ ᠬᠢᠭᠡᠳ ᠠᠵᠤ ᠠᠬᠤᠢ ᠶᠢᠨ ᠬᠥᠭᠵᠢᠯᠲᠡ ᠶᠢᠨ ᠬᠤᠣᠰ ᠠᠮᠵᠢᠯᠲᠠ ᠶᠢ ᠠᠬᠢᠭᠤᠯᠵᠠᠢ᠃    ᠭᠡᠰᠢᠭᠳᠡᠯᠠᠢ ᠶᠢᠨ ᠠᠮᠵᠢᠯᠲᠠ ᠲᠠᠢ ᠦᠢᠯᠡᠳᠦᠯᠭᠡ ᠨᠢ ᠥᠷᠭᠡᠨ ᠣᠯᠠᠨ ᠮᠠᠯᠴᠢᠳ ᠲᠤ ᠰᠤᠷᠤᠯᠴᠠᠬᠤ ᠰᠠᠶᠢᠨ ᠳᠠᠭᠤᠷᠢᠶᠠᠯ ᠪᠣᠯᠤᠭᠰᠠᠨ ᠪᠠᠶᠢᠨ᠎ᠠ᠃ ᠬᠥᠷᠥᠰᠥ ᠦᠭᠡᠢ ᠪᠠᠷ ᠡᠪᠡᠰᠦ ᠳᠠᠷᠢᠬᠤ ᠮᠡᠷᠭᠡᠵᠢᠯ ᠤᠨ ᠳᠡᠯᠭᠡᠷᠡᠭᠦᠯᠦᠯᠲᠡ ᠨᠢ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ᠂ ᠦᠷᠬᠦᠯᠵᠢᠯᠡᠬᠦᠶᠢᠴᠡ ᠴᠢᠭᠯᠡᠯ ᠢᠶᠠᠷ ᠤᠷᠤᠭᠰᠢᠯᠠᠬᠤ ᠶᠢ ᠬᠥᠲᠥᠯᠥᠨ ᠳᠠᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ ᠦᠭᠡᠢ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号