ᠡᠳ᠋ ᠤᠨ ᠵᠠᠰᠠᠭ ᠤᠨ ᠶᠠᠮᠤᠨ᠄ | ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠵᠦ᠂ ᠨᠠᠩ ᠢᠳᠡᠪᠬᠢᠲᠡᠢ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ ᠶᠢᠨ ᠴᠢᠳᠠᠪᠬᠢ ᠶᠢ ᠦᠷᠭᠦᠯᠵᠢᠯᠡᠨ ᠪᠠᠳᠠᠷᠠᠭᠤᠯᠤᠨ᠎ᠠ | ᠥᠨᠥ ᠵᠢᠯ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ | ᠪᠣᠯᠣᠨ᠎ᠠ᠂ ᠡᠭᠦᠨ ᠤ ᠢᠯᠡ ᠲᠣᠳᠣ ᠨᠢᠭᠡᠨ ᠣᠨᠴᠠᠯᠢᠭ ᠭᠡᠪᠡᠯ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ᠂ | ᠡᠳ᠋ ᠤᠨ ᠵᠠᠰᠠᠭ ᠤᠨ ᠳᠠᠮ ᠬᠦᠦ᠂ ᠲᠤᠰᠬᠠᠢ ᠵᠦᠢᠯ ᠤᠨ ᠪᠡᠯᠡ ᠮᠥᠩᠭᠦ᠂ ᠭᠠᠶᠢᠯᠢ ᠰᠦᠢᠳᠬᠡᠯ ᠤᠨ ᠬᠠᠷᠠᠭᠠᠯᠵᠠᠯ ᠵᠡᠷᠭᠡ | ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠬᠦ ᠶᠢᠨ | ᠬᠠᠮᠲᠤ ᠵᠣᠭᠤᠰ ᠮᠥᠩᠭᠦ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ ᠵᠡᠷᠭᠡ ᠶᠢᠨ ᠲᠥᠷᠥ ᠶᠢᠨ ᠪᠣᠳᠣᠯᠭ᠎ᠠ | ᠯᠤᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ ᠶᠢ ᠰᠠᠶᠢᠲᠤᠷ | ᠬᠡᠷᠡᠭᠵᠢᠭᠦᠯᠬᠦ ᠪᠣᠯᠣᠨ᠎ᠠ᠃ ᠲᠥᠷᠥ ᠶᠢᠨ ᠪᠣᠳᠣᠯᠭ᠎ᠠ ᠶᠢᠨ ᠴᠢᠳᠠᠪᠬᠢ ᠶᠢ ᠪᠠᠳᠠᠷᠠᠭᠤᠯᠬᠤ ᠭᠤᠣᠯᠳᠠᠯᠭ᠎ᠠ ᠶᠢᠨ ᠲᠠᠯ᠎ᠠ ᠪᠠᠷ᠂ | ᠥᠨᠥ ᠵᠢᠯ ᠴᠢᠨᠠᠷ ᠰᠠᠶᠢᠲᠠᠢ ᠬᠥᠭᠵᠢᠭᠦᠯᠬᠦ ᠶᠠᠪᠤᠴᠠ ᠳᠠᠬᠢ ᠪᠠᠭᠤᠷᠠᠢ ᠭᠤᠭᠴᠤᠭ᠎ᠠ ᠪᠠ ᠠᠵᠤ ᠠᠬᠤᠢ ᠶᠢᠨ ᠣᠷᠴᠢᠯ | ᠳᠤᠮᠳᠠᠬᠢ ᠲᠦᠭᠵᠢᠷᠡᠯ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ᠃ | ᠥᠨᠥ ᠵᠢᠯ ᠤᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠤᠨ ᠲᠡᠷᠢᠭᠦᠨ ᠴᠢᠬᠤᠯᠠ | ᠡᠭᠦᠷᠭᠡ ᠪᠣᠯ ᠬᠡᠷᠡᠭᠯᠡᠭᠡ ᠶᠢ ᠶᠡᠭᠡ ᠪᠠᠷ ᠬᠥᠭᠵᠢᠭᠡᠨ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠨᠡᠮᠡᠭᠳᠡᠭᠦᠯᠵᠦ᠂ | ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠨ᠎ᠡ | ᠮᠠᠨ ᠤ ᠤᠯᠤᠰ ᠪᠦᠬᠦ ᠪᠥᠮᠪᠥᠷᠴᠡᠭ ᠲᠠᠬᠢ ᠬᠠᠮᠤᠭ ᠤᠨ ᠶᠡᠭᠡ ᠳᠠᠯᠳᠠ ᠬᠦᠴᠦᠨ ᠪᠦᠬᠦᠢ ᠬᠡᠳᠦ ᠶᠡᠭᠡ | ᠬᠡᠪᠴᠢᠶᠡᠨ ᠤ ᠵᠠᠬ᠎ᠠ ᠳᠡᠯᠭᠡᠭᠦᠷ ᠲᠠᠢ ᠪᠠᠶᠢᠵᠤ᠂ ᠬᠡᠷᠡᠭᠯᠡᠭᠡ ᠶᠢᠨ ᠨᠡᠮᠡᠭᠳᠡᠯ ᠤᠨ ᠣᠷᠣᠨ ᠵᠠᠢ ᠮᠠᠰᠢ ᠥᠷᠭᠡᠨ ᠠᠭᠤᠳᠠᠮ | ᠶᠤᠮ᠃ ᠲᠥᠪ ᠤᠨ ᠡᠳ᠋ ᠤᠨ ᠵᠠᠰᠠᠭ ᠠᠴᠠ ᠦᠨᠡᠨ ᠬᠦ ᠶᠡᠭᠡ ᠬᠡᠮᠵᠢᠶᠡᠨ ᠤ ᠪᠡᠯᠡ ᠮᠥᠩᠭᠦ ᠵᠠᠷᠤᠴᠠᠭᠤᠯᠵᠤ ᠪᠠᠶᠢᠭᠠᠳ᠂ | ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠬᠦᠴᠦᠯᠡᠨ ᠬᠡᠷᠡᠭᠯᠡᠭᠡ ᠶᠢ ᠬᠥᠭᠵᠢᠭᠡᠬᠦ ᠪᠣᠯᠣᠨ᠎ᠠ᠃ ᠲᠥᠰᠥᠪ ᠤᠨ | ᠲᠣᠬᠢᠷᠠᠭᠤᠯᠤᠯᠲᠠ ᠶᠢ ᠦᠨᠳᠦᠰᠦᠯᠡᠪᠡᠯ᠂ ᠥᠨᠥ ᠵᠢᠯ ᠮᠠᠨ ᠤ ᠤᠯᠤᠰ ᠤᠨ ᠲᠠᠷᠬᠠᠭᠠᠬᠤ ᠤᠯᠤᠰ ᠤᠨ ᠬᠡᠳᠦ ᠤᠷᠳᠤ | ᠬᠤᠭᠤᠴᠠᠭᠠᠲᠤ ᠣᠨᠴᠠᠭᠠᠶ ᠵᠢᠭᠡᠯᠡᠯᠭᠡ 13000 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ | 3000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠣᠯᠣᠨ᠎ᠠ᠂ ᠡᠭᠦᠨ ᠳᠤ᠂ ︽ᠬᠤᠶᠠᠷ ᠴᠢᠬᠤᠯᠠ︾ ᠲᠥᠷᠥᠯ ᠵᠦᠢᠯ ᠢ | ᠨᠡᠩ ᠬᠦᠴᠦᠲᠡᠢ ᠳᠡᠮᠵᠢᠬᠦ ᠳᠤ 8000 ᠳ᠋ᠦᠩᠰᠢᠭᠤᠷ ᠲᠥᠭᠦᠷᠢᠭ ᠢ ᠨᠢ ᠬᠡᠷᠡᠭᠯᠡᠵᠦ᠂ ︽ᠬᠤᠶᠠᠷ ᠰᠢᠨ᠎ᠡ︾ ᠶᠢᠨ | ᠲᠦᠷᠦ ᠶᠢᠨ ᠪᠣᠳᠣᠯᠭ᠎ᠠ ᠶᠢ ᠬᠦᠴᠦᠯᠡᠨ ᠥᠷᠭᠡᠳᠬᠡᠵᠦ ᠬᠡᠷᠡᠭᠵᠢᠭᠦᠯᠬᠦ ᠳᠤ 5000 ᠳ᠋ᠦᠩᠰᠢᠭᠤᠷ ᠲᠥᠭᠦᠷᠢᠭ ᠢ ᠨᠢ | ᠬᠡᠷᠡᠭᠯᠡᠬᠦ ᠪᠣᠯᠣᠨ᠎ᠠ᠃ | ᠥᠨᠥ ᠵᠢᠯ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠶ ᠵᠢᠭᠡᠯᠡᠯᠭᠡ ᠶᠢ ᠨᠡᠶᠢᠳᠡ 3000 | ᠳ᠋ᠦᠩᠰᠢᠭᠤᠷ ᠲᠥᠭᠦᠷᠢᠭ ᠲᠣᠬᠢᠷᠠᠭᠤᠯᠤᠨ ᠬᠠᠭᠤᠴᠢᠨ ᠬᠡᠷᠡᠭᠯᠡᠭᠡ ᠶᠢᠨ ᠵᠦᠢᠯᠡᠰ ᠢᠶᠠᠨ ᠰᠢᠨ᠎ᠡ ᠪᠠᠷ ᠰᠣᠯᠢᠬᠤ ᠶᠢ | ᠲᠡᠮᠵᠢᠵᠤ᠂ ᠨᠢᠳᠤᠨᠤᠨ ᠤ ᠬᠢ ᠠᠴᠠ 1500 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠣᠯᠣᠨ᠎ᠠ᠃ ᠪᠡᠯᠡ ᠮᠥᠩᠭᠦᠨ ᠤ | ᠬᠡᠪᠴᠢᠶ᠎ᠡ ᠨᠢ ᠨᠢᠳᠤᠨᠤᠨ ᠤ ᠬᠢ ᠠᠴᠠ ᠬᠤᠶᠠᠷ ᠳᠠᠬᠢᠨ ᠪᠠᠶᠢᠵᠤ᠂ ᠬᠡᠷᠡᠭᠯᠡᠭᠴᠢᠳ ᠤᠨ ᠪᠠᠷᠠᠭ᠎ᠠ ᠬᠤᠳᠠᠯᠳᠤᠨ ᠠᠪᠬᠤ | ᠥᠪᠡᠷ ᠤᠨ ᠥᠷᠲᠡᠭ ᠢ ᠰᠢᠭᠤᠳ ᠪᠠᠭᠤᠷᠠᠭᠤᠯᠬᠤ ᠳᠤ ᠠᠰᠢᠭᠲᠠᠢ ᠮᠥᠷᠲᠡᠭᠡᠨ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠪᠠᠨ ᠬᠡᠷᠡᠭᠯᠡᠭᠡ ᠶᠢ ᠠᠬᠢᠭᠤᠯᠬᠤ ᠯᠤᠭ᠎ᠠ ᠤᠶᠠᠯᠳᠤᠭᠤᠯᠬᠤ ᠶᠢ ᠴᠢᠬᠤᠯᠠᠴᠢᠯᠠᠬᠤ ᠪᠣᠯᠣᠨ᠎ᠠ᠃ ᠨᠠᠰᠤᠵᠢᠯ ᠤᠨ | ᠠᠰᠠᠷᠠᠮᠵᠢ ᠶᠢᠨ ᠮᠥᠩᠭᠦᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠡᠮᠴᠢᠯᠡᠭᠡᠨ ᠤ ᠨᠡᠮᠡᠭᠦᠷᠢ ᠣᠯᠭᠤᠬᠤ ᠵᠡᠷᠭᠡ | ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠤᠨ ᠬᠡᠷᠡᠭᠯᠡᠭᠡ ᠶᠢᠨ ᠴᠢᠳᠠᠪᠤᠷᠢ ᠪᠠ ᠬᠦᠰᠡᠯᠲᠡ ᠶᠢ ᠲᠠᠰᠤᠷᠠᠯᠲᠠ | ᠦᠭᠡᠢ ᠨᠡᠮᠡᠭᠳᠡᠭᠦᠯᠦᠨ᠎ᠡ᠃ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠄ | ᠳᠥᠷᠪᠡᠨ ᠲᠠᠯ᠎ᠠ ᠪᠠᠷ ᠠᠷᠭ᠎ᠠ ᠬᠡᠮᠵᠢᠶ᠎ᠡ ᠠᠪᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠪᠠᠨ ᠠᠬᠢᠭᠤᠯᠤᠨ᠎ᠠ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠨᠠᠷ ᠰᠠᠶᠢᠲᠠᠢ ᠬᠠᠩᠭᠠᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠬᠢᠵᠢᠭᠦᠯᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠬᠤ᠂ ᠬᠠᠮᠵᠢᠯᠴᠠᠨ ᠰᠢᠨ᠎ᠡ ᠶᠢ ᠡᠭᠦᠳᠬᠦ ᠠᠮᠢ | ᠠᠬᠤᠢ ᠶᠢ ᠪᠤᠢ ᠪᠣᠯᠭᠠᠬᠤ ᠵᠡᠷᠭᠡ ᠲᠦᠷᠪᠡᠨ ᠲᠠᠯ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠪᠠᠨ ᠠᠬᠢᠭᠤᠯᠤᠨ᠎ᠠ | ᠦᠢᠯᠡᠳᠬᠦ ᠦᠢᠯᠡᠰ ᠤᠨ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ | ᠬᠥᠭᠵᠢᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠰᠢᠨ᠎ᠡ ᠪᠠᠷ ᠪᠠᠶᠢᠷᠢᠰᠢᠭᠤᠯᠵᠤ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠳ ᠤᠨ ᠳᠤᠮᠳᠠᠳᠤ ᠤᠯᠤᠰ ᠲᠤ ᠰᠤᠳᠤᠯᠤᠨ ᠨᠡᠭᠡᠭᠡᠬᠦ ᠲᠥᠪ ᠪᠠᠶᠢᠭᠤᠯᠬᠤ ᠶᠢ ᠳᠡᠮᠵᠢᠨ᠎ᠡ᠃ | ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠳ ᠢ ᠱᠠᠲᠤᠯᠠᠨ ᠪᠣᠶᠢᠵᠢᠭᠤᠯᠵᠤ᠂ ᠲᠤᠰᠬᠠᠢ ᠨᠠᠷᠢᠯᠢᠭ | ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠠᠩᠬᠠᠨ ᠤ | ᠡᠭᠦᠳᠦᠯᠲᠡ ᠶᠢᠨ ᠴᠢᠨᠠᠷᠲᠠᠢ ᠰᠠᠭᠤᠷᠢ ᠰᠠᠶᠢᠲᠠᠢ ᠠᠵᠤ ᠠᠬᠤᠶᠢᠯᠠᠯ᠂ ᠪᠠᠳᠠᠷᠠᠩᠭᠤᠢ ᠠᠵᠤ ᠠᠬᠤᠶᠢᠯᠠᠯ ᠤᠨ | ᠬᠥᠭᠵᠢᠯᠲᠡ ᠶᠢ ᠠᠬᠢᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠳ ᠤᠨ ᠳᠤᠮᠳᠠᠳᠤ ᠤᠯᠤᠰ ᠲᠤ ᠰᠢᠨ᠎ᠡ ᠶᠢ | ᠡᠭᠦᠳᠦᠨ ᠦᠢᠯᠡᠰ ᠴᠣᠭᠴᠠᠯᠠᠬᠤ ᠶᠢ ᠨᠢ ᠳᠡᠮᠵᠢᠨ᠎ᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠨᠡᠶᠢᠲᠡᠯᠡᠵᠦ᠂ ᠤᠯᠤᠰ ᠤᠨ ᠮᠡᠷᠭᠡᠵᠢᠯ ᠤᠨ | ᠰᠣᠯᠢᠯᠴᠠᠭᠠᠨ ᠤ ᠦᠢᠯᠡᠴᠢᠯᠡᠭᠡᠨ ᠤ ᠲᠠᠪᠴᠠᠩ ᠪᠠ ᠤᠯᠤᠰ ᠤᠨ ᠦᠢᠯᠡᠳᠬᠦ ᠦᠢᠯᠡᠰ ᠤᠨ ᠵᠠᠪᠰᠠᠷ ᠤᠨ | ᠲᠤᠷᠰᠢᠯᠲᠠ ᠶᠢᠨ ᠲᠠᠪᠴᠠᠩ ᠢ ᠪᠠᠶᠢᠭᠤᠯᠤᠨ᠎ᠠ᠃ | ᠵᠢᠷᠤᠮᠯᠠᠯ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠬᠡᠯᠪᠡᠷᠢᠲᠦ ᠨᠡᠭᠡᠭᠡᠯᠲᠡ ᠶᠢ | ᠯᠠᠪᠳᠠᠭᠤᠨ ᠢᠶᠠᠷ ᠥᠷᠭᠡᠳᠬᠡᠵᠦ᠂ ᠪᠦᠬᠦ ᠪᠥᠮᠪᠥᠷᠴᠡᠭ ᠤᠨ ᠬᠡᠪᠴᠢᠶᠡᠨ ᠳᠠᠬᠢ ᠰᠢᠨ᠎ᠡ ᠶᠢ ᠡᠭᠦᠳᠬᠦ ᠬᠦᠴᠦᠨ ᠵᠦᠢᠯ | ᠡᠬᠢ ᠪᠠᠶᠠᠯᠢᠭ ᠤᠨ ᠭᠦᠢᠯᠭᠡᠭᠡ ᠶᠢ ᠲᠦᠷᠭᠡᠳᠬᠡᠬᠦ ᠪᠠᠨ ᠠᠬᠢᠭᠤᠯᠤᠨ᠂ ᠨᠡᠭᠡᠭᠡᠯᠲᠡ ᠲᠠᠢ ᠤᠯᠠᠨ ᠡᠰᠢᠲᠦ ᠰᠢᠨ᠎ᠡ | ᠡᠭᠦᠳᠦᠯᠲᠡ ᠲᠠᠢ ︽ᠵᠢᠵᠢᠭ ᠠᠮᠢ ᠠᠬᠤᠢ︾ ᠶᠢ ᠲᠦᠷᠭᠡᠪᠴᠢᠯᠡᠨ ᠪᠠᠶᠢᠭᠤᠯᠵᠤ᠂ ᠪᠦᠬᠦ ᠪᠥᠮᠪᠥᠷᠴᠡᠭ ᠯᠦᠭᠡ ᠶᠢᠨ | ᠠᠭᠤᠰᠤᠯᠴᠠᠨ ᠬᠥᠭᠵᠢᠬᠦ ︽ᠲᠣᠮᠣ ᠠᠮᠢ ᠠᠬᠤᠢ︾ ᠶᠢ ᠬᠠᠮᠲᠤ ᠪᠠᠷ ᠴᠡᠴᠡᠭᠯᠡᠭᠦᠯᠦᠨ ᠬᠥᠭᠵᠢᠭᠦᠯᠦᠨ᠎ᠡ᠃ | ᠠᠷᠠᠳ ᠤᠨ ᠶᠠᠪᠤᠳᠠᠯ ᠤᠨ ᠶᠠᠮᠤᠨ᠄ | ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠠᠮᠢᠶ᠎ᠠ ᠪᠦᠬᠦᠢ ᠠᠵᠤ ᠦᠢᠯᠡᠰ ᠪᠠ ᠡᠵᠡᠩᠨᠡᠯᠲᠡ ᠶᠢᠨ | ᠬᠡᠯᠪᠡᠷᠢ ᠪᠠᠶᠢᠳᠠᠯ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠣᠯᠠᠨ ᠨᠡᠶᠢᠲᠡ ᠶᠢᠨ ᠣᠷᠣᠨ ᠵᠠᠢ ᠶᠢ | ᠨᠠᠰᠤᠵᠢᠯᠲᠠ ᠳᠤ ᠵᠣᠬᠢᠴᠠᠭᠤᠯᠤᠨ ᠰᠢᠨᠡᠳᠬᠡᠬᠦ ᠶᠢ ᠲᠦᠯᠬᠢᠨ ᠠᠬᠢᠭᠤᠯᠤᠨ᠎ᠠ | ᠠᠷᠠᠳ ᠤᠨ ᠶᠠᠪᠤᠳᠠᠯ ᠤᠨ ᠶᠠᠮᠤᠨ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠪᠠ ᠨᠠᠰᠤᠵᠢᠯ ᠤᠨ | ᠠᠰᠠᠷᠠᠮᠵᠢ ᠶᠢᠨ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠰᠣᠶᠣᠯ᠂ ᠵᠢᠭᠤᠯᠴᠢᠯᠠᠯ᠂ ᠡᠷᠡᠭᠦᠯ ᠮᠡᠨᠳᠦ᠂ ᠪᠡᠶ᠎ᠡ ᠶᠢᠨ ᠲᠠᠮᠢᠷ᠂ ᠭᠡᠷ | ᠠᠬᠤᠢ ᠵᠡᠷᠭᠡ ᠬᠠᠮᠢᠶ᠎ᠠ ᠪᠦᠬᠦᠢ ᠠᠵᠤ ᠦᠢᠯᠡᠰ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠯᠤᠭ᠎ᠠ ᠠᠭᠤᠰᠤᠯᠴᠠᠭᠤᠯᠤᠨ | ᠬᠥᠭᠵᠢᠭᠦᠯᠬᠦ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠯᠡᠭᠡ ᠶᠢᠨ ᠬᠦᠷᠢᠶ᠎ᠡ ᠬᠢᠭᠡᠳ | ᠬᠡᠷᠡᠭᠯᠡᠭᠡ ᠶᠢᠨ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠬᠡᠷᠡᠭᠯᠡᠭᠡ ᠶᠢᠨ ᠳᠠᠯᠳᠠ | ᠬᠦᠴᠦᠨ ᠢ ᠪᠠᠳᠠᠷᠠᠭᠤᠯᠤᠨ᠎ᠠ︔ ᠭᠡᠷ ᠪᠦᠯᠢ ᠶᠢᠨ ᠨᠠᠰᠤᠵᠢᠯᠲᠠ ᠳᠤ ᠵᠣᠬᠢᠴᠠᠭᠤᠯᠵᠤ ᠥᠭᠡᠷᠡᠴᠢᠯᠡᠨ ᠰᠢᠨᠡᠳᠬᠡᠬᠦ ᠶᠢ | ᠦᠷᠭᠦᠯᠵᠢᠯᠡᠨ ᠠᠬᠢᠭᠤᠯᠵᠤ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠵᠤ ᠭᠡᠷ ᠪᠦᠯᠢ ᠶᠢᠨ | ᠨᠠᠰᠤᠵᠢᠯᠲᠠ ᠳᠤ ᠵᠣᠬᠢᠴᠠᠭᠤᠯᠵᠤ ᠥᠭᠡᠷᠡᠴᠢᠯᠡᠨ ᠰᠢᠨᠡᠳᠬᠡᠬᠦ ᠠᠵᠢᠯ ᠢ ᠰᠠᠶᠢᠲᠤᠷ ᠬᠢᠵᠦ᠂ ᠨᠠᠰᠤᠲᠠᠶᠢᠴᠤᠳ ᠤᠨ | ᠢᠳᠡᠵᠦ ᠤᠤᠭᠤᠬᠤ ᠳᠤ ᠲᠤᠰᠠᠯᠠᠬᠤ ᠦᠢᠯᠡᠴᠢᠯᠡᠭᠡ᠂ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠬᠤᠳᠠᠯᠳᠤᠨ | ᠠᠪᠬᠤ ᠪᠠ ᠲᠦᠷᠢᠶᠡᠰᠦᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ | ᠦᠢᠯᠡᠴᠢᠯᠡᠭᠡ ᠶᠢ ᠥᠷᠭᠡᠳᠬᠡᠨ᠎ᠡ᠃ | ᠪᠤᠭᠤᠷᠤᠯᠴᠤᠳ ᠤᠨ ᠬᠡᠷᠡᠭᠯᠡᠭᠡ ᠶᠢᠨ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠬᠤ ᠲᠠᠯ᠎ᠠ ᠪᠠᠷ᠂ | ᠠᠷᠠᠳ ᠤᠨ ᠶᠠᠪᠤᠳᠠᠯ ᠤᠨ ᠶᠠᠮᠤᠨ ᠤᠯᠠᠨ ᠨᠡᠶᠢᠲᠡ ᠶᠢᠨ ᠣᠷᠣᠨ ᠵᠠᠢ ᠶᠢ ᠨᠠᠰᠤᠵᠢᠯᠲᠠ ᠳᠤ ᠵᠣᠬᠢᠴᠠᠭᠤᠯᠵᠤ | ᠰᠢᠨᠡᠳᠬᠡᠬᠦ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠨᠠᠰᠤᠵᠢᠯᠲᠠ ᠳᠤ ᠵᠣᠬᠢᠴᠠᠭᠤᠯᠵᠤ | ᠥᠭᠡᠷᠡᠴᠢᠯᠡᠨ ᠰᠢᠨᠡᠳᠬᠡᠬᠦ ᠶᠢ ᠬᠥᠲᠥᠯᠥᠨ ᠵᠢᠯᠣᠭᠤᠳᠤᠨ᠎ᠠ︔ ᠨᠠᠰᠤᠲᠠᠶᠢᠴᠤᠳ ᠤᠨ ᠬᠦᠷᠢᠶᠡᠨ ᠳᠠᠬᠢ ᠦᠢᠯᠡᠳᠬᠦᠨ ᠪᠠ | ᠦᠢᠯᠡᠴᠢᠯᠡᠭᠡᠨ ᠤ ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠬᠡᠷᠡᠭᠯᠡᠬᠦ | ᠦᠢᠯᠡᠳᠬᠦᠨ ᠬᠡᠷᠡᠭᠰᠡᠯ ᠢ ᠨᠢ ᠪᠠᠷᠢᠮᠵᠢᠶᠠᠵᠢᠭᠤᠯᠤᠨ ᠵᠢᠷᠤᠮᠵᠢᠭᠤᠯᠵᠤ ᠨᠠᠷᠢᠨ ᠬᠤᠪᠢᠶᠠᠵᠤ ᠪᠦᠷᠢᠨᠰᠢᠭᠦᠯᠦᠨ᠎ᠡ︔ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠨᠠᠰᠤᠲᠠᠶᠢᠴᠤᠳ ᠤᠨ ᠬᠡᠷᠡᠭᠯᠡᠬᠦ ᠬᠡᠷᠡᠭᠰᠡᠯ ᠤᠨ ᠶᠠᠰᠤ ᠴᠢᠨᠠᠷ ᠲᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠲᠤ | ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠠᠮᠢ ᠠᠬᠤᠢ ᠣᠷᠴᠢᠨ ᠲᠣᠭᠤᠷᠢᠨ ᠤ ᠶᠠᠮᠤᠨ᠄ | ᠲᠠᠪᠤᠨ ᠲᠠᠯ᠎ᠠ ᠪᠠᠷ ᠬᠦᠴᠦᠯᠡᠵᠦ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠲᠡᠶᠢᠰᠢ | ᠪᠥᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ | ᠳᠤᠮᠳᠠᠳᠤ ᠤᠯᠤᠰ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠲᠠᠪᠤᠨ ᠲᠠᠯ᠎ᠠ ᠪᠠᠷ ᠬᠦᠴᠦᠯᠡᠵᠦ ᠪᠠᠶᠢᠭᠠᠳ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠲᠡᠶᠢᠰᠢ ᠪᠥᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠨ᠎ᠡ | ᠬᠥᠳᠡᠯᠭᠡᠭᠴᠢ ᠡᠨᠧᠷᠭᠢ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠨᠢᠭᠡ ᠳᠤ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠤᠶᠠᠷ ᠲᠤ ᠠᠭᠤᠷ | ᠠᠮᠢᠰᠬᠤᠯ ᠤᠨ ᠬᠤᠪᠢᠷᠠᠯᠲᠠ ᠶᠢᠨ ᠰᠢᠯᠭᠠᠯᠲᠠ ᠶᠢ ᠢᠳᠡᠪᠬᠢᠲᠡᠢ ᠠᠷᠭᠠᠴᠠᠨ᠎ᠠ᠃ ᠭᠤᠷᠪᠠ ᠳᠤ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠶᠢ ᠲᠦᠷᠭᠡᠳᠬᠡᠨ᠎ᠡ᠃ ᠳᠥᠷᠪᠡ ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠲᠠᠪᠤ ᠳᠤ ᠣᠷᠴᠢᠨ ᠲᠣᠭᠤᠷᠢᠨ ᠠᠭᠤᠷ ᠠᠮᠢᠰᠬᠤᠯ ᠤᠨ | ᠲᠠᠯ᠎ᠠ ᠪᠠᠷ ᠤᠯᠠᠨ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ | ᠤᠯᠤᠰ ᠤᠨ ᠳ᠋ᠠᠶᠢᠲ᠋ᠠ ᠶᠢᠨ ᠲᠣᠪᠴᠢᠶ᠎ᠠ᠄ | ᠴᠢᠨᠠᠷ ᠰᠠᠶᠢᠲᠠᠢ ᠳ᠋ᠠᠶᠢᠲ᠋ᠠ ᠪᠠᠷ ᠵᠣᠬᠢᠶᠠᠮᠠᠯ ᠣᠶᠤᠨ ᠤ ᠬᠥᠭᠵᠢᠯᠲᠡ ᠶᠢ ᠠᠬᠢᠭᠤᠯᠤᠨ᠎ᠠ | ᠤᠯᠤᠰ ᠤᠨ ᠳ᠋ᠠᠶᠢᠲ᠋ᠠ ᠶᠢᠨ ᠲᠣᠪᠴᠢᠶ᠎ᠠ ᠴᠢᠨᠠᠷ ᠰᠠᠶᠢᠲᠠᠢ ᠳ᠋ᠠᠶᠢᠲ᠋ᠠ ᠶᠢᠨ ᠨᠢᠭᠡᠳᠬᠡᠯ ᠤᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠵᠤ᠂ ᠳ᠋ᠠᠶᠢᠲ᠋ᠠ ᠶᠢᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ︽ᠵᠣᠬᠢᠶᠠᠮᠠᠯ ᠤᠶᠤᠨ +︾ | ᠠᠵᠢᠯᠯᠠᠭᠠᠨ ᠢᠶᠠᠷ ᠤᠯᠠᠨ ᠵᠦᠢᠯ ᠤᠨ ᠠᠵᠢᠯ ᠦᠢᠯᠡᠰ ᠲᠤ ᠬᠦᠴᠦᠨ ᠣᠯᠭᠤᠬᠤ ᠶᠢ ᠠᠬᠢᠭᠤᠯᠤᠨ᠂ ᠪᠠᠭᠲᠠᠭᠠᠮᠵᠢᠲᠠᠢ | ᠪᠥᠭᠡᠳ ᠨᠡᠭᠡᠭᠡᠯᠲᠡᠲᠡᠢ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠣᠯᠭᠠᠨ᠎ᠠ᠃ | ᠴᠢᠨᠠᠷ ᠰᠠᠶᠢᠲᠠᠢ ᠳ᠋ᠠᠶᠢᠲ᠋ᠠ ᠪᠠ ᠵᠣᠬᠢᠶᠠᠮᠠᠯ ᠤᠶᠤᠨ ᠤ ᠤᠶᠠᠯᠳᠤᠯ ᠨᠢ ᠳ᠋ᠠᠶᠢᠲ᠋ᠠ ᠪᠠ ᠵᠣᠬᠢᠶᠠᠮᠠᠯ ᠤᠶᠤᠨ ᠤ | ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠪᠣᠯᠣᠨ᠎ᠠ᠃ ︽ᠵᠣᠬᠢᠶᠠᠮᠠᠯ ᠤᠶᠤᠨ +︾ | ᠠᠵᠢᠯᠯᠠᠭᠠᠨ ᠬᠠᠮᠢᠭ᠎ᠠ ᠬᠦᠷᠪᠡᠯ ᠴᠢᠨᠠᠷ ᠰᠠᠶᠢᠲᠠᠢ ᠳ᠋ᠠᠶᠢᠲ᠋ᠠ ᠶᠢᠨ ᠨᠢᠭᠡᠳᠬᠡᠯ ᠤᠨ ᠪᠠᠶᠢᠭᠤᠯᠤᠯᠲᠠ ᠪᠠ ᠳᠡᠯᠭᠡᠷᠡᠭᠦᠯᠦᠯᠲᠡ | ᠲᠡᠨᠳᠡ ᠬᠦᠷᠬᠦ ᠪᠣᠯᠣᠨ᠎ᠠ᠃ ᠤᠯᠤᠰ ᠤᠨ ᠳ᠋ᠠᠶᠢᠲ᠋ᠠ ᠶᠢᠨ ᠲᠣᠪᠴᠢᠶ᠎ᠠ ᠨᠢ ᠤᠯᠠᠨ ᠨᠡᠶᠢᠲᠡ ᠶᠢᠨ ᠳ᠋ᠠᠶᠢᠲ᠋ᠠ ᠶᠢᠨ ᠡᠬᠢ | ᠪᠠᠶᠠᠯᠢᠭ ᠢ ᠳᠠᠩᠰᠠᠯᠠᠵᠤ ᠲᠡᠮᠳᠡᠭᠯᠡᠬᠦ ᠬᠠᠮᠢᠶᠠᠷᠤᠯᠲᠠ ᠪᠠᠨ ᠴᠢᠩᠭᠠᠳᠬᠠᠵᠤ᠂ ᠤᠯᠠᠨ ᠨᠡᠶᠢᠲᠡ ᠶᠢᠨ ᠳ᠋ᠠᠶᠢᠲ᠋ᠠ ᠶᠢᠨ ᠡᠬᠢ | ᠪᠠᠶᠠᠯᠢᠭ ᠤᠨ ᠡᠷᠬᠡ ᠣᠯᠭᠤᠨ ᠠᠵᠢᠯᠯᠠᠭᠤᠯᠬᠤ ᠬᠡᠷᠡᠭᠵᠢᠭᠦᠯᠦᠯᠲᠡ ᠶᠢ ᠵᠢᠷᠤᠮᠵᠢᠭᠤᠯᠤᠨ᠂ ᠡᠷᠬᠡ ᠣᠯᠭᠤᠨ | ᠠᠵᠢᠯᠯᠠᠭᠤᠯᠬᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠢ ᠳ᠋ᠠᠶᠢᠲ᠋ᠠ ᠶᠢᠨ | ᠨᠢᠭᠡᠳᠬᠡᠯ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ ᠨᠢ ᠢᠳᠡᠪᠬᠢᠲᠡᠢ ᠬᠥᠲᠥᠯᠥᠨ ᠵᠢᠯᠣᠭᠤᠳᠤᠨ᠎ᠠ᠃ | | |