ᠡᠷᠳᠡᠨᠢᠪᠤᠯᠠᠭ ᠭᠠᠴᠠᠭ᠎ᠠ ᠮᠠᠯᠴᠢᠳ ᠲᠠᠭᠠᠨ ᠪᠣᠳᠠᠲᠤ ᠠᠰᠢᠭ ᠬᠦᠷᠲᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2025/3/27
    ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤᠨ ᠤ ᠡᠷᠳᠡᠨᠢᠪᠤᠯᠠᠭ ᠭᠠᠴᠠᠭ᠎ᠠ ᠨᠢ ᠬᠠᠮᠲᠤ ᠶᠢᠨ ᠠᠵᠤ ᠠᠬᠤᠢ ᠶᠢᠨ ᠬᠤᠷᠰᠢᠶᠠᠵᠢᠯ ᠤᠨ ᠢᠶᠠᠨ ᠳᠠᠪᠠᠭᠤᠯᠢᠭ ᠢ ᠪᠠᠳᠠᠷᠠᠭᠤᠯᠤᠨ ᠮᠠᠯᠴᠢᠳ ᠲᠠᠭᠠᠨ ᠪᠣᠳᠠᠲᠤ ᠠᠰᠢᠭ ᠬᠦᠷᠲᠡᠭᠡᠵᠦ ᠪᠠᠶᠢᠨ᠎ᠠ᠃     ᠲᠡᠳᠡ ᠣᠶᠢᠷ᠎ᠠ ᠶᠢᠨ ᠵᠢᠯ ᠤᠳ ᠤᠨ ᠬᠠᠳᠤᠯᠠᠩ ᠡᠪᠡᠰᠦᠨ ᠤ ᠬᠡᠷᠡᠭᠯᠡᠭᠡᠨ ᠤ ᠱᠠᠭᠠᠷᠳᠠᠯᠭ᠎ᠠ ᠥᠨᠳᠥᠷ᠂ ᠦᠨ᠎ᠡ ᠬᠠᠩᠰᠢ ᠨᠢ ᠲᠣᠭᠲᠠᠪᠤᠷᠢ ᠦᠭᠡᠢ᠂ ᠮᠠᠯ ᠤᠨ ᠦᠨ᠎ᠡ ᠪᠠᠭᠤᠷᠠᠭᠰᠠᠨ ᠵᠡᠷᠭᠡ ᠪᠠᠶᠢᠳᠠᠯ ᠳᠤ ᠴᠢᠭᠯᠡᠭᠦᠯᠦᠨ᠂ ᠨᠢᠳᠤᠨᠤᠨ ᠨᠠᠮᠤᠷ ᠬᠥᠯᠥᠨ ᠪᠤᠶᠢᠷ ᠵᠡᠷᠭᠡ ᠭᠠᠵᠠᠷ ᠠᠴᠠ 3000  ᠲᠣᠨ ᠡᠪᠡᠰᠦ ᠣᠷᠣᠭᠤᠯᠤᠨ ᠨᠥᠭᠡᠴᠡᠯᠡᠵᠦ᠂ ᠡᠨᠡ ᠬᠠᠪᠤᠷ ᠭᠠᠴᠠᠭᠠᠨ ᠤ ᠪᠠᠨ ᠮᠠᠯᠴᠢᠳ ᠲᠠᠭᠠᠨ ᠲᠣᠨ ᠪᠦᠷᠢ ᠶᠢ 850 --- 900  ᠲᠥᠭᠦᠷᠢᠭ ᠤᠨ ᠥᠷᠲᠡᠭ ᠢᠶᠠᠷ ᠰᠢᠭᠤᠳ ᠬᠦᠷᠭᠡᠨ ᠥᠭᠴᠦ᠂ ᠪᠡᠯᠴᠢᠭᠡᠷ ᠰᠡᠷᠭᠦᠭᠡᠬᠦ ᠬᠤᠭᠤᠴᠠᠭᠠᠨ ᠤ ᠲᠡᠵᠢᠭᠡᠯ ᠡᠪᠡᠰᠦᠨ ᠤ ᠬᠡᠷᠡᠭᠴᠡᠭᠡ ᠶᠢ  ᠪᠠᠲᠤᠯᠠᠵᠤ ᠪᠠᠶᠢᠬᠤ ᠪᠥᠭᠡᠳ ᠠᠴᠢᠶ᠎ᠠ ᠲᠡᠭᠡᠭᠡᠪᠦᠷᠢ ᠬᠢᠳᠡᠭ ᠮᠠᠯᠴᠢᠳ ᠲᠠᠭᠠᠨ ᠴᠤ ᠵᠣᠬᠢᠬᠤ ᠣᠷᠣᠯᠭ᠎ᠠ ᠣᠯᠭᠤᠭᠰᠠᠨ ᠪᠠᠶᠢᠨ᠎ᠠ᠃     ᠬᠡᠰᠡᠭ ᠮᠠᠯᠴᠢᠨ ᠡᠷᠦᠬᠡ ᠤᠳ ᠨᠢ ᠪᠡᠯᠡ ᠮᠥᠩᠭᠦ ᠬᠦᠷᠦᠯᠴᠡᠬᠦ ᠦᠭᠡᠢ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠲᠡᠳᠡ ᠪᠠᠰᠠ ᠭᠠᠵᠠᠷ ᠣᠷᠣᠨ ᠤ ᠪᠠᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠪᠣᠯᠣᠨ ᠪᠦᠲᠦᠭᠡᠨ ᠪᠠᠶᠢᠭᠤᠯᠤᠯᠲᠠ ᠶᠢᠨ ᠪᠠᠩᠬᠢ ᠲᠠᠢ ᠬᠠᠷᠢᠯᠴᠠᠵᠤ᠂ ᠮᠠᠯᠴᠢᠳ ᠬᠤᠷᠰᠢᠶᠠᠵᠢᠯ ᠠᠴᠠ ᠪᠠᠨ ᠬᠡᠳᠦᠢ ᠦᠷᠲᠡᠭ ᠤᠨ ᠡᠪᠡᠰᠦ ᠠᠪᠤᠪᠠᠯ ᠳᠠᠷᠤᠢ ᠲᠡᠳᠦᠢ ᠲᠣᠭᠠᠨ ᠤ ᠮᠥᠩᠭᠦ ᠵᠢᠭᠡᠯᠡᠵᠦ ᠪᠣᠯᠬᠤ᠂ ᠬᠠᠷᠢᠯᠴᠠᠨ ᠲᠦᠰᠢᠯᠴᠡᠵᠦ᠂ ᠬᠠᠷᠢᠯᠴᠠᠨ ᠠᠰᠢᠭᠲᠠᠢ ᠪᠠᠶᠢᠬᠤ ᠲᠣᠭᠲᠠᠴᠠ ᠶᠢ ᠪᠦᠷᠢᠯᠳᠦᠭᠦᠯᠦᠨ ᠬᠦᠴᠢᠷᠳᠡᠯ ᠢ ᠪᠦᠲᠦᠮᠵᠢᠲᠡᠢ ᠰᠢᠢᠳᠪᠦᠷᠢᠯᠡᠭᠰᠡᠨ ᠪᠥᠭᠡᠳ ᠬᠠᠮᠲᠤ ᠶᠢᠨ ᠠᠵᠤ ᠠᠬᠤᠢ ᠶᠢᠨ ᠬᠤᠷᠰᠢᠶᠠᠵᠢᠯ  ᠤᠨ  ᠢᠶᠠᠨ ᠪᠡᠯᠡ ᠮᠥᠩᠭᠦᠨ ᠤ ᠬᠡᠪ ᠤᠨ ᠡᠷᠭᠢᠯᠲᠡ ᠶᠢ ᠴᠦ ᠪᠠᠲᠤᠯᠠᠵᠤ ᠴᠢᠳᠠᠭᠰᠠᠨ ᠪᠠᠶᠢᠨ᠎ᠠ᠃     ᠣᠳᠣᠬᠠᠨ ᠳᠤ ᠲᠤᠰ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠤᠷᠰᠢᠶᠠᠵᠢᠯ  ᠤᠨ ᠡᠪᠡᠰᠦᠨ ᠤ ᠬᠠᠳᠠᠭᠠᠯᠠᠭᠳᠠᠴᠠ ᠪᠣᠯᠣᠨ  ᠬᠡᠪᠴᠢᠶ᠎ᠡ ᠨᠢ ᠪᠦᠬᠦ ᠪᠠᠯᠭᠠᠰᠤᠨ ᠳᠠᠭᠠᠨ ᠬᠠᠮᠤᠭ ᠤᠨ ᠶᠡᠭᠡ ᠨᠢ ᠪᠠᠶᠢᠵᠤ᠂ ᠡᠨᠡ ᠬᠠᠪᠤᠷ ᠪᠤᠰᠤᠳ ᠭᠠᠴᠠᠭᠠᠨ ᠤ ᠮᠠᠯᠴᠢᠳ ᠲᠤ ᠴᠤ ᠮᠥᠨ ᠠᠳᠠᠯᠢ ᠦᠨ᠎ᠡ ᠪᠠᠷ ᠨᠢᠭᠡ ᠬᠡᠰᠡᠭ ᠡᠪᠡᠰᠦ ᠬᠠᠩᠭᠠᠬᠤ ᠪᠠᠷ ᠲᠥᠯᠥᠪᠯᠡᠵᠦ ᠪᠠᠶᠢᠬᠤ ᠪᠥᠭᠡᠳ᠂ ᠤᠳᠠᠯ  ᠦᠭᠡᠢ ᠪᠦᠲᠦᠭᠡᠨ ᠪᠠᠶᠢᠭᠤᠯᠤᠯᠲᠠ ᠨᠢ ᠪᠦᠷᠢᠨᠰᠢᠭᠰᠡᠨ ᠤ ᠳᠠᠷᠠᠭ᠎ᠠ᠂ ᠭᠠᠴᠠᠭᠠᠨ ᠤ ᠪᠠᠨ ᠮᠠᠯᠴᠢᠳ ᠤᠨ ᠳᠠᠭᠠᠭᠠᠴᠠ ᠠᠴᠠ ᠬᠡᠲᠦᠷᠡᠬᠦ ᠮᠠᠯ ᠪᠤᠶᠤ ᠪᠣᠷᠳᠣᠨ ᠲᠠᠷᠭᠤᠯᠠᠭᠤᠯᠬᠤ ᠴᠢᠬᠤᠯᠠᠲᠠᠢ ᠮᠠᠯ ᠢ ᠲᠥᠪᠯᠡᠷᠡᠭᠦᠯᠦᠨ ᠲᠡᠵᠢᠭᠡᠵᠦ᠂ ᠠᠵᠢᠯᠯᠠᠬᠤ ᠪᠣᠯᠣᠮᠵᠢ ᠲᠠᠢ ᠬᠥᠮᠥᠰ ᠲᠤ ᠠᠵᠢᠯ ᠣᠯᠭᠤᠬᠤ ᠶᠢᠨ ᠬᠠᠮᠲᠤ ᠮᠠᠯᠴᠢᠳ ᠲᠠᠭᠠᠨ ᠨᠠᠩ ᠢᠯᠡᠭᠦᠦ ᠠᠰᠢᠭ ᠬᠦᠷᠲᠡᠭᠡᠬᠦ ᠪᠠᠷ ᠴᠢᠷᠮᠠᠶᠢᠵᠤ  ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号