ᠨᠠᠮ ᠤᠨ ᠪᠠᠶᠢᠭᠤᠯᠤᠯᠲᠠ ᠬᠦᠳᠦᠯᠦᠨ ᠲᠠᠭᠠᠭᠤᠯᠵᠤ ᠵᠠᠰᠠᠭ ᠤᠨ ᠣᠷᠳᠣᠨ ᠪᠠᠩᠬᠢ  ᠬᠠᠮᠵᠢᠯᠴᠠᠨ ᠵᠢᠯ ᠳᠤ 2700 ᠲᠦᠮᠡᠨ ᠲᠥᠭᠦᠷᠢᠭ ᠤᠨ ᠬᠦᠦ ᠮᠦᠩᠭᠦ ᠶᠢ ᠪᠠᠭᠤᠷᠠᠭᠤᠯᠤᠨ ᠮᠠᠯᠴᠢᠳ ᠲᠤ ᠪᠤᠳᠠᠳᠤ ᠠᠰᠢᠭ ᠬᠦᠷᠳᠡᠬᠡᠬᠦ ᠪᠤᠯᠤᠨ᠎ᠠ
ᠨᠡᠶᠢᠲᠡᠯᠡᠭᠰᠡᠨ ᠴᠠᠭ᠄
2025/3/28
     3 ᠰᠠᠷ᠎ᠠ ᠶᠢᠨ 26 ᠤ ᠡᠳᠦᠷ᠂ ᠰᠤᠷᠪᠤᠯᠵᠢᠯᠠᠭᠴᠢ ᠬᠤᠭᠤᠯᠠᠲᠤ ᠶᠢᠨ ᠭᠤᠣᠯ ᠪᠠᠯᠭᠠᠰᠤᠨ ᠤ ᠪᠠᠶᠠᠨᠪᠤᠯᠠᠭ  ᠭᠠᠴᠠᠭᠠᠨ  ᠤ ᠵᠠᠯᠠᠭᠤ ᠮᠠᠯᠴᠢᠨ ᠰᠤᠮᠢᠶ᠎ᠠ ᠠᠴᠠ ᠣᠶᠢᠯᠠᠭᠠᠭᠰᠠᠨ ᠨᠢ᠂ ᠲᠡᠭᠦᠨ ᠤ  ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠠᠴᠠ ᠭᠤᠶᠤᠴᠢᠯᠠᠭᠰᠠᠨ ᠮᠠᠯᠵᠢᠯ ᠤᠨ ᠦᠢᠯᠡᠳᠪᠦᠷᠢᠯᠡᠯ ᠠᠮᠢᠳᠤᠷᠠᠯ  ᠳᠠᠭᠠᠨ ᠭᠡᠷᠡᠭᠰᠡᠬᠦ 45 ᠲᠦᠮᠡᠨ ᠲᠥᠭᠦᠷᠢᠭ ᠤᠨ ᠵᠢᠭᠡᠯᠡᠯᠭᠡ  ᠶᠢᠨ ᠬᠦᠦ ᠮᠦᠩᠭᠦ ᠨᠢ  ᠭᠤᠷᠪᠠᠨ ᠵᠢᠯ   ᠳᠤ ᠨᠡᠶᠢᠲᠡ  3 ᠲᠦᠮᠡᠨ ᠲᠥᠭᠦᠷᠢᠭ ᠠᠷᠪᠢᠯᠠᠬᠤ ᠪᠤᠯᠤᠨ᠎ᠠ ᠬᠡᠮᠡᠨ ᠪᠠᠶᠠᠷᠲᠠᠢ ᠶᠠᠷᠢᠵᠤ ᠪᠠᠶᠢᠯ᠎ᠠ᠃ ᠡᠨᠡ ᠪᠣᠯ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠬᠠᠮᠲᠤᠷᠠᠨ ᠭᠠᠷᠭᠠᠭᠰᠠᠨ ᠬᠠᠳᠠᠭᠠᠯᠠᠮᠵᠢ ᠶᠢ ᠣᠷᠣᠭᠤᠯᠤᠨ ᠬᠦᠦ ᠮᠥᠩᠭᠦ ᠶᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠣᠭᠰᠠᠨ ᠠᠮᠢᠳᠣ  ᠵᠢᠱᠢᠶ᠎ᠡ ᠪᠤᠯᠬᠤ ᠶᠤᠮ᠃      ᠵᠠᠰᠠᠭ ᠪᠠᠩᠬᠢ ᠬᠤᠯᠪᠤᠭᠠᠯᠠᠨ ᠬᠥᠳᠡᠯᠦᠯᠴᠡᠵᠦ ᠪᠡᠯᠡ ᠲᠣᠬᠢᠷᠠᠭᠤᠯᠭ᠎ᠠ ᠶᠢᠨ ᠬᠦᠴᠢᠷᠳᠡᠯ ᠢ ᠰᠢᠢᠳᠪᠦᠷᠢᠯᠡᠪᠡ      ᠥᠷᠭᠡᠨ ᠣᠯᠠᠨ ᠮᠠᠯᠴᠢᠳ ᠤᠨ ︽ᠪᠡᠯᠡ ᠲᠣᠬᠢᠷᠠᠭᠤᠯᠬᠤ ᠳᠤ ᠬᠦᠴᠢᠷᠲᠡᠢ᠂ ᠪᠡᠯᠡ ᠲᠣᠬᠢᠷᠠᠭᠤᠯᠬᠤ ᠳᠤ ᠦᠨᠡᠲᠡᠢ︾ ᠪᠠᠶᠢᠬᠤ ᠠᠰᠠᠭᠤᠳᠠᠯ ᠳᠤ ᠴᠢᠭᠯᠡᠭᠦᠯᠦᠨ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ  ᠠᠴᠠ ︽ᠮᠠᠯᠴᠢᠳ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ︾ ᠶᠠᠪᠤᠳᠠᠯ  ᠢ 2025 ᠣᠨ ᠤ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠪᠤᠯᠭᠠᠨ ᠠᠳᠬᠤᠵᠤ᠂  ᠭᠦᠨᠵᠡᠭᠡᠢ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠭᠤᠣᠯ ᠬᠦᠴᠦᠨ ᠪᠣᠯᠤᠭᠰᠠᠨ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠬᠡᠳᠦᠶᠢᠪᠡᠷ ᠪᠥᠬᠦ ᠬᠤᠰᠢᠭᠤᠨ ᠤ 95% ᠠᠴᠠ ᠳᠡᠭᠡᠭᠰᠢᠬᠢ ᠪᠠᠶᠢᠩᠭᠤ ᠰᠠᠭᠤᠭ᠎ᠠ ᠮᠠᠯᠴᠢᠨ ᠡᠷᠦᠬᠡ ᠶᠢᠨ ᠵᠢᠭᠡᠯᠡᠯᠭᠡ ᠶᠢᠨ ᠦᠢᠯᠡᠴᠢᠯᠡᠭᠡ ᠶᠢ ᠡᠭᠦᠷᠭᠡᠯᠡᠵᠦ᠂ 75% ᠶᠢᠨ ᠮᠠᠯᠴᠢᠨ ᠡᠷᠦᠬᠡ ᠶᠢᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠡᠭᠦᠷᠭᠡᠯᠡᠵᠦ ᠪᠠᠶᠢᠪᠠᠴᠤ ᠬᠠᠳᠠᠭᠠᠯᠠᠮᠵᠢ ᠶᠢᠨ ᠥᠪᠡᠷ ᠤᠨ ᠥᠷᠲᠡᠭ ᠥᠨᠳᠥᠷ ᠠᠴᠠ ᠪᠣᠯᠵᠤ ᠬᠦᠦ ᠮᠥᠩᠭᠦ ᠶᠢᠨ ᠨᠣᠷᠮ᠎ᠠ ᠴᠦ ᠥᠨᠳᠥᠷ  ᠪᠠᠶᠢᠵᠠᠢ᠃     ᠡᠨᠡᠬᠦ ᠪᠠᠶᠢᠳᠠᠯ ᠳᠤ ᠴᠢᠭᠯᠡᠬᠦᠯᠦᠨ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢᠳᠡᠪᠬᠢᠲᠡᠢ ᠪᠠᠷ ᠠᠷᠭ᠎ᠠ ᠬᠡᠮᠵᠢᠶ᠎ᠡ ᠰᠦᠪᠡᠭᠴᠢᠯᠡᠨ᠂ ᠠᠷᠠᠳ ᠲᠤ ᠠᠰᠢᠭ ᠬᠦᠷᠲᠡᠭᠡᠬᠦ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ︽ᠬᠠᠳᠠᠭᠠᠯᠠᠮᠵᠢ ᠶᠢ ᠣᠷᠣᠭᠤᠯᠤᠨ ᠬᠦᠦ ᠮᠥᠩᠭᠦ ᠶᠢ ᠪᠠᠭᠤᠷᠠᠭᠤᠯᠬᠤ︾ ᠵᠠᠰᠠᠭ ᠤᠨ ᠣᠷᠳᠣᠨ ᠪᠠᠩᠬᠢ ᠶᠢᠨ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠦᠭᠰᠡᠨ ᠪᠠᠶᠢᠨ᠎ᠠ᠃ ᠲᠤᠬᠠᠶᠢᠯᠠᠪᠠᠯ ᠡᠳ᠋ ᠤᠨ ᠵᠠᠰᠠᠭ ᠤᠨ ᠰᠠᠯᠠᠭ᠎ᠠ ᠮᠥᠴᠢᠷ  ᠠᠴᠠ ᠳᠣᠣᠷ᠎ᠠ ᠥᠪᠡᠷ ᠤᠨ ᠥᠷᠲᠡᠭ ᠲᠠᠢ ᠪᠡᠯᠡ ᠮᠥᠩᠭᠦ ᠶᠢ ᠵᠣᠬᠢᠴᠠᠭᠤᠯᠤᠨ ᠪᠠᠩᠬᠢ ᠳᠤ ᠬᠠᠳᠠᠭᠠᠯᠠᠵᠤ᠂ ᠲᠡᠳᠡᠨ ᠢ ᠬᠠᠪᠰᠤᠷᠤᠨ ᠪᠡᠯᠡ ᠮᠥᠩᠭᠦ ᠶᠢᠨ ᠥᠪᠡᠷ ᠤᠨ ᠥᠷᠲᠡᠭ ᠢ 1.2 ᠵᠠᠭᠤᠨ ᠤ ᠨᠢᠭᠡᠴᠢ  ᠪᠠᠭᠤᠷᠠᠭᠤᠯᠵᠤ᠂ ᠪᠠᠩᠬᠢ ᠶᠢᠨ  ᠴᠡᠪᠡᠷ ᠠᠰᠢᠭ ᠢ ᠪᠥᠬᠦ ᠲᠤᠭ᠎ᠠ ᠪᠠᠷ ᠨᠢ ᠮᠠᠯᠴᠢᠳ ᠲᠤ ᠰᠢᠯᠵᠢᠭᠦᠯᠦᠨ ᠥᠭᠴᠦ᠂ ᠵᠢᠭᠡᠯᠡᠯᠭᠡ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠶᠢ ᠨᠢᠭᠡ ᠵᠠᠭᠤᠨ ᠤ ᠨᠢᠭᠡᠴᠢ ᠪᠠᠭᠤᠷᠠᠭᠤᠯᠵᠤ᠂ 10 ᠲᠦᠮᠡᠨ ᠲᠥᠭᠦᠷᠢᠭ ᠤᠨ ᠵᠢᠭᠡᠯᠡᠯᠭᠡ ᠶᠢᠨ ᠵᠢᠯ ᠳᠤ 1000 ᠲᠥᠭᠦᠷᠢᠭ ᠤᠨ ᠬᠦᠦ ᠮᠥᠩᠭᠦ ᠠᠷᠪᠢᠯᠠᠬᠤ ᠶᠢ ᠪᠡᠶᠡᠯᠡᠭᠦᠯᠪᠡ᠃ ᠡᠨᠡ ᠬᠦ ︽ᠵᠠᠰᠠᠭ ᠤᠨ ᠣᠷᠳᠣᠨ  ᠠᠴᠠ ᠨᠡᠮᠡᠬᠦ ᠠᠷᠭ᠎ᠠ ᠠᠪᠴᠤ᠂ ᠪᠠᠩᠬᠢ ᠠᠴᠠ ᠬᠠᠰᠤᠬᠤ ᠠᠷᠭ᠎ᠠ ᠠᠪᠬᠤ︾ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠨᠢ ᠵᠢᠱᠢᠯᠲᠡ ᠪᠠᠷ ᠪᠥᠬᠦ ᠵᠢᠯ ᠳᠤ 1.12 ᠲᠦᠮᠡᠨ ᠮᠠᠯᠴᠢᠨ ᠡᠷᠦᠬᠡ ᠳᠤ 2700 ᠲᠦᠮᠡᠨ ᠲᠥᠭᠦᠷᠢᠭ ᠤᠨ ᠠᠰᠢᠭ ᠬᠦᠷᠳᠡᠬᠡᠬᠦ  ᠪᠣᠯᠣᠨ᠎ᠠ᠃     ᠮᠥᠩᠭᠦᠨ ᠭᠦᠢᠯᠭᠡᠭᠡ ᠶᠢᠨ ᠬᠠᠪᠤᠷ ᠤᠨ ᠬᠤᠷ᠎ᠠ ᠲᠠᠯ᠎ᠠ ᠨᠤᠲᠤᠭ ᠤᠨ ᠠᠵᠤ ᠠᠬᠤᠢ ᠶᠢ ᠤᠮᠳᠠᠯᠠᠨ᠎ᠠ     ᠡᠨᠡᠬᠦ ᠲᠥᠷᠥ  ᠶᠢᠨ ᠪᠣᠳᠣᠯᠭ᠎ᠠ  ᠶᠢ  ᠡᠬᠢᠯᠡᠵᠦ ᠬᠡᠷᠡᠭᠵᠢᠭᠦᠯᠦᠭᠰᠡᠨ ᠠᠩᠬᠠᠨ ᠤ ᠰᠠᠷ᠎ᠠ ᠳᠤ ᠢᠯᠡᠳᠲᠡ ᠦᠷ᠎ᠡ ᠪᠦᠲᠦᠮᠵᠢ ᠣᠯᠵᠠᠢ᠃ ᠰᠤᠮᠢᠶ᠎ᠠ  ᠶᠢᠨ ᠭᠤᠶᠤᠴᠢᠯᠠᠭᠰᠠᠨ ᠭᠤᠷᠪᠠᠨ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠬᠦᠦ ᠮᠥᠩᠭᠦ ᠶᠢ ᠰᠢᠭᠤᠳ 1.87 ᠵᠠᠭᠤᠨ ᠤ ᠨᠢᠭᠡᠴᠢ ᠪᠠᠭᠤᠷᠠᠭᠤᠯᠵᠤ᠂ 3 ᠲᠦᠮᠡᠨ ᠲᠥᠭᠦᠷᠢᠭ ᠤᠨ ᠬᠦᠦ ᠮᠥᠩᠭᠦ  ᠠᠷᠪᠢᠯᠠᠭᠰᠠᠨ ᠨᠢ ᠲᠡᠭᠦᠨ ᠤ ᠦᠢᠯᠡᠳᠪᠦᠷᠢᠯᠡᠯ ᠠᠮᠢᠳᠤᠷᠠᠯ ᠳᠤ ᠶᠡᠭᠡᠭᠡᠨ ᠲᠤᠰᠠ ᠪᠤᠯᠤᠭᠰᠠᠨ ᠪᠠᠶᠢᠨ᠎ᠠ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠤᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂  ᠪᠠᠩᠬᠢ ᠶᠢᠨ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ 0.5 ᠵᠠᠭᠤᠨ ᠤ ᠨᠢᠭᠡᠴᠢ ᠪᠠᠭᠤᠷᠠᠵᠤ᠂ ᠴᠢᠨᠠᠷ ᠰᠠᠶᠢᠲᠠᠢ ᠵᠣᠴᠢᠨ ᠡᠷᠦᠬᠡ 1200 ᠡᠷᠦᠬᠡ ᠰᠢᠨ᠎ᠡ ᠪᠠᠷ ᠨᠡᠮᠡᠭᠳᠡᠨ᠂ ᠲᠦᠷᠦᠭᠦᠸ ᠬᠤᠶᠠᠷ ᠰᠠᠷ᠎ᠠ ᠳᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 18% ᠪᠠᠷ ᠨᠡᠮᠡᠭᠳᠡᠵᠡᠢ᠃     ︽ᠬᠦᠦ ᠮᠥᠩᠭᠦ  ᠶᠢᠨ ᠨᠣᠷᠮ᠎ᠠ  ᠶᠢ ᠳᠣᠷᠣᠭᠰᠢᠯᠠᠭᠤᠯᠬᠤ ᠪᠣᠯ ᠮᠥᠩᠭᠦᠨ ᠭᠦᠢᠯᠭᠡᠭᠡᠨ ᠤ ᠭᠤᠯᠭᠤᠭᠤᠷ ᠡᠳ᠋ ᠮᠥᠨ᠃ ᠪᠠᠷᠠᠭᠤᠨ‌ᠦᠵᠦᠮᠦᠴᠢᠨ  ᠬᠤᠰᠢᠭᠤᠨ ᠤ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠶᠢᠨ ᠬᠠᠷᠢᠭᠤᠴᠠᠯᠭᠠᠲᠠᠨ ᠶᠠᠩ ᠵᠢᠶᠠᠨ ᠹᠧᠩ ᠠᠴᠠ ᠠᠵᠤ ᠠᠬᠤᠢ  ᠶᠢᠨ ᠳᠠᠩᠰᠠ ᠪᠤᠳᠤᠵᠠᠶ᠄ ᠥᠪᠡᠷ ᠤᠨ ᠥᠷᠲᠡᠭ  ᠢᠶᠠᠷ ᠳᠣᠣᠷ᠎ᠠ ᠪᠡᠯᠡ ᠮᠥᠩᠭᠦ  ᠶᠢᠨ ᠣᠷᠣᠭᠤᠯᠤᠯᠲᠠ ᠨᠢ ᠡᠳ᠋ ᠤᠨ ᠶᠠᠪᠤᠳᠠᠯ ᠤᠨ ᠥᠪᠡᠷ ᠤᠨ ᠥᠷᠲᠡᠭ ᠢ 500 ᠲᠦᠮᠡᠨ ᠲᠥᠭᠦᠷᠢᠭ ᠠᠴᠠ ᠢᠯᠡᠭᠦᠦ ᠠᠷᠪᠢᠯᠠᠵᠤ᠂ ᠬᠦᠦ ᠮᠥᠩᠭᠦ  ᠶᠢᠨ ᠨᠣᠷᠮ᠎ᠠ ᠶᠢ ᠪᠠᠭᠤᠷᠠᠭᠤᠯᠬᠤ ᠨᠡᠩ ᠣᠯᠠᠨ ᠣᠷᠣᠨ ᠵᠠᠢ ᠭᠠᠷᠭᠠᠭᠰᠠᠨ ᠪᠠᠶᠢᠨ᠎ᠠ᠃ ᠢᠷᠡᠭᠡᠳᠦᠢ ᠳᠤ ᠪᠠᠩᠬᠢ ᠵᠢᠯ ᠪᠦᠷᠢ 0.2‰ ᠠᠴᠠ ᠳᠣᠣᠷ᠎ᠠ ᠦᠭᠡᠢ ᠬᠡᠮᠵᠢᠶ᠎ᠡ ᠪᠠᠷ ᠬᠦᠦ ᠮᠥᠩᠭᠦ ᠶᠢᠨ ᠨᠣᠷᠮ᠎ᠠ ᠶᠢ ᠦᠷᠭᠦᠯᠵᠢᠯᠡᠨ ᠪᠠᠭᠤᠷᠠᠭᠤᠯᠬᠤ ᠶᠢᠨ ᠬᠠᠮᠲᠤ᠂ ᠲᠥᠯ ᠲᠤᠰᠴᠤ ᠪᠣᠶᠢᠵᠢᠭᠤᠯᠬᠤ᠂ ᠬᠠᠪᠤᠷ ᠤᠨ ᠤᠯᠠᠷᠢᠯ ᠤᠨ  ᠬᠠᠰᠢᠶᠠᠯᠠᠭ᠎ᠠ  ᠶᠢᠨ ᠬᠤᠭᠤᠴᠠᠭ᠎ᠠ ᠵᠡᠷᠭᠡ ᠵᠠᠩᠭᠢᠯᠠᠭ᠎ᠠ ᠶᠢᠨ ᠬᠤᠭᠤᠴᠠᠭᠠᠨ ᠳᠤ ᠵᠣᠷᠢᠭᠤᠯᠤᠨ ᠳᠣᠣᠷ᠎ᠠ ᠬᠦᠦ ᠲᠠᠢ ᠲᠤᠰᠬᠠᠢ ᠵᠦᠢᠯ ᠤᠨ ᠵᠢᠭᠡᠯᠡᠯᠭᠡ ᠶᠢᠨ ᠦᠢᠯᠡᠳᠬᠦᠨ ᠢ  ᠭᠠᠷᠭᠠᠬᠤ ᠪᠤᠯᠤᠨ᠎ᠠ  ᠭᠡᠵᠠᠢ᠃     ᠪᠠᠷᠠᠭᠤᠨ ᠦᠵᠦᠮᠦᠴᠢᠨ ᠬᠤᠰᠢᠭᠤᠨ ᠤ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ  ᠶᠢᠨ ᠬᠠᠷᠢᠭᠤᠴᠠᠯᠭᠠᠲᠠᠨ ᠶᠠᠩ ᠵᠢᠶᠠᠨ ᠹᠧᠩ᠄ ︽ᠡᠨᠡ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠡᠳ᠋ ᠤᠨ ᠵᠠᠰᠠᠭ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠵᠣᠬᠢᠴᠠᠭᠤᠯᠭ᠎ᠠ ᠬᠠᠪᠰᠤᠷᠤᠯᠭ᠎ᠠ ᠳᠣᠣᠷ᠎ᠠ᠂  ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ︿ᠬᠠᠳᠠᠭᠠᠯᠠᠮᠵᠢ ᠶᠢ ᠣᠷᠣᠭᠤᠯᠤᠨ ᠬᠦᠦ ᠮᠥᠩᠭᠦ ᠶᠢ ᠪᠠᠭᠤᠷᠠᠭᠤᠯᠬᠤ﹀ ᠮᠥᠩᠭᠦᠨ ᠭᠦᠢᠯᠭᠡᠭᠡᠨ ᠢᠶᠠᠷ ᠮᠠᠯᠴᠢᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢᠶᠠᠷ ᠳᠣᠣᠷ᠎ᠠ ᠬᠠᠳᠠᠭᠠᠯᠠᠮᠵᠢ ᠶᠢᠨ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠴᠢᠷᠮᠠᠶᠢᠵᠤ ᠪᠠᠶᠢᠨ᠎ᠠ᠃ ᠡᠨᠡᠬᠦ ᠠᠷᠭ᠎ᠠ ᠬᠡᠮᠵᠢᠶ᠎ᠡ ᠨᠢ ᠮᠠᠨ ᠤ ᠪᠠᠩᠬᠢ ᠶᠢᠨ ᠪᠡᠯᠡ ᠮᠥᠩᠭᠦᠨ ᠤ ᠥᠪᠡᠷ ᠤᠨ ᠥᠷᠲᠡᠭ  ᠢ ᠪᠦᠲᠦᠮᠵᠢᠲᠡᠶ ᠪᠠᠷ ᠪᠠᠭᠤᠷᠠᠭᠤᠯᠵᠤ᠂ ᠪᠢᠳᠡᠨ ᠳᠤ  ᠮᠠᠯᠴᠢᠳ ᠤᠨ ᠬᠦᠦ ᠮᠥᠩᠭᠦ  ᠶᠢ ᠪᠠᠭᠤᠷᠠᠭᠤᠯᠤᠨ ᠠᠰᠢᠭ ᠣᠯᠭᠤᠬᠤ ᠴᠢᠳᠠᠪᠤᠷᠢ  ᠶᠢ ᠪᠦᠷᠢᠳᠦᠭᠦᠯᠦᠭᠰᠡᠨ ᠪᠠᠶᠢᠨ᠎ᠠ᠃ 2025 ᠣᠨ ᠤ 3 ᠰᠠᠷ᠎ᠠ  ᠠᠴᠠ ᠡᠬᠢᠯᠡᠨ᠂ ᠮᠠᠨ ᠤ ᠪᠠᠩᠬᠢ ᠮᠠᠯᠴᠢᠳ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 100BP ᠪᠠᠷ ᠪᠠᠭᠤᠷᠠᠭᠤᠯᠵᠤ᠂  ᠮᠠᠯᠴᠢᠳ ᠤᠨ ᠪᠡᠯᠡ ᠲᠣᠬᠢᠷᠠᠭᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠯᠡᠵᠦ᠂ ᠵᠢᠱᠢᠯᠲᠡ ᠪᠠᠷ ᠪᠥᠬᠦ ᠵᠢᠯ ᠳᠤ ᠮᠠᠯᠴᠢᠨ ᠡᠷᠦᠬᠡ ᠳᠤ 2700 ᠲᠦᠮᠡᠨ ᠲᠥᠭᠦᠷᠢᠭ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠠᠷᠪᠢᠯᠠᠵᠤ ᠥᠭᠬᠦ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠪᠠᠩᠬᠢ ᠦᠷᠭᠦᠯᠵᠢᠯᠡᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠦᠷᠭᠦᠯᠵᠢᠯᠡᠨ ᠪᠠᠭᠤᠷᠠᠭᠤᠯᠬᠤ᠂ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠶᠢᠨ ᠢᠲᠡᠭᠡᠮᠵᠢ ᠣᠯᠭᠤᠬᠤ ᠶᠢ ᠴᠢᠩᠭᠠᠳᠬᠠᠬᠤ᠂ ᠵᠢᠭᠡᠯᠡᠯᠭᠡ ᠶᠢᠨ ᠲᠥᠷᠥᠯ ᠵᠦᠢᠯ ᠤᠨ ᠰᠢᠨ᠎ᠡ ᠶᠢ ᠡᠭᠦᠳᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠪᠠ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠨᠠᠩ ᠶᠡᠭᠡ ᠮᠥᠩᠭᠦᠨ ᠭᠦᠢᠯᠭᠡᠭᠡᠨ ᠤ ᠬᠦᠴᠦᠨ ᠴᠢᠳᠠᠯ ᠢᠶᠠᠨ ᠨᠡᠮᠡᠷᠢᠯᠡᠨ᠎ᠡ︾ ᠭᠡᠵᠡᠢ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠣᠯ ᠵᠢᠷᠭᠠᠯ ᠤᠨ ᠵᠢᠷᠤᠭᠯᠠᠯ ᠢ  ᠪᠢᠴᠢᠭᠯᠡᠪᠡ      ᠲᠤᠰ ᠤᠳᠠᠭᠠᠨ ᠤ ᠵᠠᠰᠠᠭ ᠤᠨ ᠣᠷᠳᠣᠨ ᠪᠠᠩᠬᠢ ᠬᠤᠯᠪᠤᠭᠠᠯᠠᠭᠰᠠᠨ ︽ᠮᠥᠩᠭᠦᠨ ᠭᠦᠢᠯᠭᠡᠭᠡᠨ ᠤ ᠬᠠᠪᠤᠷ ᠤᠨ ᠬᠤᠷ᠎ᠠ︾ ᠨᠢ ᠮᠠᠯᠴᠢᠳ ᠤᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠮᠠᠯᠵᠢᠬᠤ ᠣᠷᠣᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠡᠩ ᠪᠦᠲᠦᠮᠵᠢᠲᠡᠢ ᠬᠥᠭᠵᠢᠭᠡᠵᠡᠢ᠃ ᠬᠤᠰᠢᠭᠤ ᠵᠠᠰᠠᠭ ᠤᠨ ᠣᠷᠳᠣᠨ ᠥᠪᠡᠷ ᠤᠨ ᠥᠷᠲᠡᠭ ᠢᠶᠠᠷ ᠳᠣᠣᠷ᠎ᠠ ᠪᠡᠯᠡ ᠮᠥᠩᠭᠦ ᠶᠢ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢᠨ ᠳᠤ ᠬᠠᠳᠠᠭᠠᠯᠠᠬᠤ ᠶᠢ ᠬᠥᠲᠥᠯᠥᠨ ᠵᠢᠯᠤᠭᠤᠳᠬᠤ ᠪᠠᠷ ᠳᠠᠮᠵᠢᠭᠤᠯᠤᠨ᠂ ︽ᠵᠠᠰᠠᠭ ᠪᠠᠩᠬᠢ ᠮᠠᠯᠴᠢᠨ︾ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠄ ᠮᠠᠯᠴᠢᠳ ᠪᠣᠳᠠᠲᠤ ᠠᠰᠢᠭ ᠭᠥᠷᠳᠡᠵᠦ᠂ ᠪᠠᠩᠬᠢ ᠶᠢᠨ ᠦᠷ᠎ᠡ ᠠᠰᠢᠭ ᠢ  ᠠᠬᠢᠭᠤᠯᠤᠨ᠂ ᠣᠷᠣᠨ ᠨᠤᠲᠤᠭ ᠤᠨ ᠬᠥᠳᠡᠯᠭᠡᠬᠦ ᠬᠦᠴᠦᠨ ᠢ  ᠨᠡᠮᠡᠭᠳᠡᠬᠦᠯᠵᠠᠢ᠃     ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠥᠪᠡᠷ ᠤᠨ ᠥᠷᠲᠡᠭ ᠢᠶᠠᠷ ᠳᠣᠣᠷ᠎ᠠ ᠪᠡᠯᠡ ᠮᠥᠩᠭᠦ ᠶᠢ ᠣᠷᠣᠭᠤᠯᠤᠨ ᠠᠪᠴᠢᠷᠠᠬᠤ ᠬᠡᠪᠴᠢᠶ᠎ᠡ ᠪᠠᠨ ᠤᠯᠠᠮ  ᠴᠢᠨᠠᠭᠰᠢᠲᠠ ᠥᠷᠭᠡᠳᠬᠡᠵᠦ᠂ ᠨᠠᠩ ᠣᠯᠠᠨ ᠮᠠᠯ ᠠᠵᠤ ᠠᠬᠤᠢ ᠶᠢᠨ ᠬᠦᠷᠢᠶᠡᠨ ᠳᠤ ᠬᠦᠦ ᠮᠥᠩᠭᠦ ᠶᠢ ᠪᠠᠭᠤᠷᠠᠭᠤᠯᠬᠤ  ᠲᠦᠷᠦ ᠶᠢᠨ ᠪᠤᠳᠤᠯᠭ᠎ᠠ ᠶᠢ ᠭᠡᠷᠡᠭᠵᠢᠬᠦᠯᠵᠦ᠂ ︽ᠲᠠᠷᠢᠶᠠᠯᠠᠩ ᠮᠠᠯ ᠠᠵᠤ ᠠᠬᠤᠢ᠂ ᠬᠦᠳᠡᠭᠡ ᠲᠤᠰᠬᠤᠨ ᠮᠠᠯᠵᠢᠬᠤ ᠤᠷᠤᠨ᠂ ᠮᠠᠯᠴᠢᠨ ᠲᠠᠷᠢᠶᠠᠴᠢᠨ︾  ᠳᠤ ᠦᠢᠯᠡᠴᠢᠯᠡᠬᠦ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠭᠤᠣᠯ ᠬᠦᠴᠦᠨ ᠪᠣᠯᠤᠭᠰᠠᠨ ᠪᠠᠷᠠᠭᠤᠨ ᠦᠵᠦᠮᠦᠴᠢᠨ ᠬᠤᠰᠢᠭᠤᠨ ᠤ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠠᠴᠠ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ︽ᠲᠥᠯ ᠲᠤᠰᠬᠤ ᠵᠢᠭᠡᠯᠡᠯᠭᠡ︾ ︽ᠪᠡᠯᠴᠢᠭᠡᠷ ᠰᠡᠷᠭᠦᠭᠡᠬᠦ ᠳᠠᠭᠠᠳᠬᠠᠯ︾ ᠵᠡᠷᠭᠡ ᠣᠨᠴᠠᠯᠢᠭᠲᠤ ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠷᠢᠯᠢᠭ ᠣᠨᠣᠪᠴᠢᠲᠠᠶ ᠮᠥᠩᠭᠦᠨ ᠭᠦᠢᠯᠭᠡᠭᠡᠨ ᠤ ᠳᠡᠮᠵᠢᠯᠭᠡ  ᠬᠠᠩᠭᠠᠬᠤ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号