ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠤᠭᠠᠴᠠᠯ ᠤᠨ  ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2025/3/31
   3 ᠰᠠᠷ᠎ᠠ ᠶᠢᠨ 28 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ ᠰᠣᠶᠣᠯ ᠵᠤᠭᠠᠴᠠᠯ ᠤᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠤᠨ ᠴᠤᠤ ᠶᠡᠩ ᠲᠤᠭᠤᠷᠢᠭ  ᠲᠤ ᠶᠠᠪᠤᠭᠳᠠᠪᠠ᠃ ᠪᠡᠭᠡᠵᠢᠩ ᠬᠤᠳᠠ ᠶᠢᠨ ᠴᠤᠤ ᠶᠡᠩ ᠲᠣᠭᠤᠷᠢᠭ ᠤᠨ ᠰᠣᠶᠣᠯ ᠵᠤᠭᠠᠴᠠᠯ ᠤᠨ ᠲᠣᠪᠴᠢᠶᠠᠨ ᠤ ᠤᠳᠤᠷᠢᠳᠤᠯᠭ᠎ᠠ᠂ ᠪᠡᠭᠡᠵᠢᠩ ᠬᠤᠳᠠ ᠶᠢᠨ ᠰᠣᠶᠣᠯ ᠵᠤᠭᠠᠴᠠᠯ ᠤᠨ ᠨᠡᠶᠢᠭᠡᠮᠯᠢᠭ ᠤᠨ ᠤᠳᠤᠷᠢᠳᠤᠯᠭ᠎ᠠ ᠵᠢᠴᠢ  200 ᠭᠠᠷᠤᠢ  ᠵᠢᠭᠤᠯᠴᠢᠯᠠᠯ  ᠤᠨ ᠺᠣᠮᠫᠠᠨᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠤᠷᠤᠯᠴᠠᠵᠡᠢ᠃
       ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠪᠠᠶᠠᠷ ᠤᠨ ᠦᠭᠡ ᠬᠡᠯᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤᠨ ᠤ ᠥᠷᠭᠡᠨ ᠠᠭᠤᠳᠠᠮ ᠲᠠᠯ᠎ᠠ ᠨᠤᠲᠤᠭ ᠤᠨ ᠦᠩᠬᠡ ᠦᠵᠡᠮᠵᠢ᠂ ᠭᠠᠵᠠᠷ ᠣᠷᠣᠨ ᠤ ᠰᠣᠶᠣᠯ ᠥᠨᠢ ᠤᠳᠠᠭᠠᠨ ᠤᠯᠠᠮᠵᠢᠯᠠᠯ ᠲᠠᠢ᠂ ᠡᠭᠡᠯ ᠪᠣᠷᠣᠭᠵᠢᠭᠤᠨ ᠠᠷᠠᠳ ᠤᠨ ᠵᠠᠩ ᠦᠶᠯᠡ ᠨᠢ ᠥᠪᠡᠷᠮᠢᠴᠡ ᠲᠠᠲᠠᠬᠤ ᠬᠦᠴᠦᠨ ᠲᠠᠢ ᠪᠠᠶᠢᠵᠤ᠂ ᠪᠠᠶᠢᠭᠠᠯᠢ ᠲᠠᠢ ᠣᠶᠢᠷᠠᠳᠴᠤ᠂ ᠠᠮᠢ ᠠᠬᠤᠢ ᠶᠢᠨ ᠭᠤᠸ᠎ᠠ ᠰᠠᠶᠢᠬᠠᠨ ᠢ ᠣᠶᠢᠯᠠᠭᠠᠬᠤ ᠭᠤᠶᠢᠳᠠ ᠰᠠᠶᠢᠬᠠᠨ ᠭᠠᠵᠠᠷ ᠪᠣᠯᠬᠤ ᠪᠠᠷ ᠪᠠᠷᠠᠬᠤ ᠦᠭᠡᠢ᠂ ᠨᠠᠩ ᠴᠤ ᠠᠷᠠᠳ ᠤᠨ ᠵᠠᠩ ᠦᠶᠯᠡ ᠶᠢᠨ ᠰᠣᠶᠣᠯ ᠢ ᠣᠶᠢᠯᠠᠭᠠᠬᠤ᠂ ᠲᠠᠯ᠎ᠠ ᠨᠤᠲᠤᠭ ᠤᠨ ᠷᠢᠳᠢ ᠰᠢᠳᠢ ᠶᠢ ᠮᠡᠳᠡᠷᠡᠬᠦ  ᠵᠢᠭᠤᠯᠴᠢᠯᠠᠯ ᠤᠨ ᠴᠡᠭ ᠪᠣᠯᠬᠤ ᠶᠤᠮ᠃ ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ  ᠬᠤᠰᠢᠭᠤ  ᠨᠢ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠰᠣᠳᠣᠨ ᠵᠤᠭᠠᠴᠠᠯ ᠤᠨ ᠱᠤᠭᠤᠮ ᠢ ᠪᠠᠶᠢᠭᠤᠯᠬᠤ ᠪᠠᠷ ᠴᠢᠷᠮᠠᠶᠢᠵᠤ᠂  ᠵᠤᠭᠠᠴᠠᠭᠰᠠᠳ ᠲᠤ ᠬᠤᠳᠠ ᠶᠢᠨ ᠦᠢᠮᠡᠭᠡᠨ ᠠᠴᠠ ᠵᠠᠶᠢᠳᠠᠬᠤ᠂ ᠡᠬᠡ ᠪᠠᠶᠢᠭᠠᠯᠢ ᠳᠤ ᠤᠶᠢᠷᠠᠳᠣᠭᠰᠠᠨ ᠵᠤᠭᠠᠴᠠᠯ  ᠤᠨ ᠨᠦᠬᠦᠴᠠᠯ ᠬᠠᠩᠭᠠᠬᠤ ᠶᠢ ᠵᠤᠷᠢᠵᠦ ᠪᠠᠶᠢᠨ᠎ᠠ  ᠭᠡᠵᠡᠢ᠃
     ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠪᠠᠷᠠᠭᠤᠨ ᠦᠵᠦᠮᠦᠴᠢᠨ ᠬᠤᠰᠢᠭᠤᠨ ᠤ ᠰᠣᠶᠤᠯ ᠵᠢᠭᠤᠯᠴᠢᠯᠠᠯ ᠤᠨ ᠲᠠᠨᠢᠯᠴᠠᠭᠤᠯᠤᠭᠴᠢ ᠠᠴᠠ ︽99 ᠨᠣᠮᠧᠷᠲᠤ ᠵᠠᠰᠠᠮᠠᠯ ᠵᠠᠮ︾ ᠳᠠᠭᠠᠤ ᠶᠢᠨ ᠪᠠᠶᠢᠭᠠᠯᠢ ᠶᠢᠨ ᠦᠵᠡᠮᠵᠢ᠂ ᠲᠡᠦᠬᠡ ᠰᠣᠶᠣᠯ ᠤᠨ ᠦᠯᠡᠳᠡᠭᠳᠡᠯ ᠵᠢᠴᠢ ᠥᠪᠡᠷᠮᠢᠴᠡ ᠣᠨᠴᠠᠯᠢᠭ ᠲᠠᠢ ᠵᠠᠩ ᠦᠢᠯᠡ ᠶᠢ ᠨᠠᠷᠢᠨ ᠲᠠᠨᠢᠯᠴᠠᠭᠤᠯᠵᠤ᠂ ᠣᠯᠠᠨ ᠵᠦᠢᠯ ᠤᠨ ᠵᠢᠭᠤᠯᠴᠢᠯᠠᠯ ᠤᠨ ᠱᠤᠭᠤᠮ ᠤᠨ ᠰᠢᠨ᠎ᠡ ᠪᠦᠳᠦᠬᠡᠭᠳᠠᠬᠦᠨ ᠢ ᠨᠡᠶᠢᠲᠡᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠵᠢᠭᠤᠯᠴᠢᠯᠠᠯ ᠤᠨ ᠺᠣᠮᠫᠠᠨᠢ ᠶᠢᠨ ᠠᠵᠤ ᠠᠬᠤᠶᠢᠯᠠᠯ ᠳᠤ ᠨᠠᠩ ᠣᠯᠠᠨ ᠬᠠᠮᠲᠤᠷᠠᠯᠴᠠᠭᠠᠨ ᠤ ᠲᠣᠬᠢᠶᠠᠯ  ᠬᠠᠩᠭᠠᠵᠦ᠂ ᠲᠤᠬᠠᠢ ᠶᠢᠨ ᠭᠠᠵᠠᠷ ᠤᠨ ᠠᠵᠤ ᠠᠬᠤᠶᠢᠯᠠᠯ ᠲᠠᠢ ᠣᠯᠠᠨ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠪᠤᠯᠤᠨ᠎ᠠ᠃
   ᠲᠠᠨᠢᠯᠴᠠᠭᠤᠯᠭ᠎ᠠ ᠶᠢᠨ ᠬᠤᠷᠠᠯ ᠳᠤ ᠪᠠᠷᠠᠭᠤᠨ ᠦᠵᠦᠮᠦᠴᠢᠨ ᠬᠤᠰᠢᠭᠤᠨ ᠤ ᠣᠨᠴᠠᠯᠢᠭᠲᠤ ᠲᠠᠸᠠᠷ ᠤᠨ ᠦᠵᠡᠬᠦᠯᠬᠡ ᠳᠤ ᠤᠯᠠᠭᠠᠨ ᠢᠳᠡᠭᠡᠨ᠂ ᠴᠠᠭᠠᠨ ᠢᠳᠡᠭᠡᠨ᠂  ᠪᠤᠳᠠᠰ ᠤᠨ ᠪᠤᠰᠤ ᠰᠣᠶᠣᠯ ᠤᠨ ᠥᠪ ᠤᠨ ᠪᠦᠳᠦᠬᠡᠭᠳᠠᠬᠦᠨ᠂ ᠦᠵᠡᠮᠵᠢ ᠶᠢᠨ ᠣᠷᠣᠨ ᠤ ᠪᠦᠲᠦᠭᠡᠭᠳᠡᠬᠦᠨ ᠢ ᠲᠠᠯᠬᠡᠨ ᠦᠵᠡᠬᠦᠯᠵᠦ᠂ ᠦᠵᠦᠮᠦᠴᠢᠨ ᠨᠤᠲᠤᠭ ᠤᠨ ᠰᠣᠶᠣᠯ ᠢᠷᠭᠡᠨᠰᠢᠯ ᠤᠨ ᠠᠭᠤᠯᠬᠤᠨ ᠪᠣᠯᠣᠨ ᠠᠮᠢ ᠠᠬᠤᠢ ᠶᠢᠨ ᠷᠢᠳᠢ ᠰᠢᠳᠢ ᠶᠢ ᠭᠦᠢᠴᠡᠳ ᠢᠯᠡᠷᠡᠭᠦᠯᠪᠡ᠃     ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠨᠢ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠠᠯ᠎ᠠ ᠪᠠᠷ ᠴᠢᠬᠤᠯᠠ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃     ᠲᠤᠬᠠᠢ ᠶᠢᠨ ᠲᠠᠯᠠᠪᠤᠷ ᠲᠤ ᠪᠠᠰᠠ ᠵᠢᠭᠤᠯᠴᠢᠯᠠᠯ ᠤᠨ ᠠᠵᠤ ᠠᠬᠤᠶᠢᠯᠠᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠲᠤᠬᠠᠢ ᠶᠢᠨ ᠲᠠᠯᠠᠪᠤᠷ ᠲᠤ 8 ᠠᠵᠤ ᠠᠬᠤᠶᠢᠯᠠᠯ ᠲᠠᠢ ᠭᠡᠷ᠎ᠡ ᠲᠣᠭᠲᠠᠵᠤ᠂ ᠰᠦᠯᠵᠢᠶᠡᠨ ᠭᠠᠳᠠᠨ᠎ᠠ 30 ᠠᠵᠤ ᠠᠬᠤᠶᠢᠯᠠᠯ ᠲᠠᠢ ᠭᠡᠷ᠎ᠡ ᠲᠤᠭᠳᠠᠭᠰᠠᠨ ᠢᠶᠠᠷ ᠪᠠᠷᠠᠬᠤ ᠦᠬᠡᠢ 3 ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠠᠮᠵᠢᠯᠲᠠ ᠲᠠᠢ ᠪᠠᠷ ᠭᠡᠷ᠎ᠡ ᠲᠣᠭᠲᠠᠪᠠ᠃ ᠡᠲᠡᠭᠡᠷ ᠨᠢ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠬᠦ ᠪᠠᠷ ᠪᠠᠷᠠᠬᠤ ᠦᠭᠡᠢ᠂ ᠲᠠᠷᠢᠬᠦᠨ ᠤ ᠮᠡᠷᠭᠡᠵᠢᠯ ᠪᠣᠯᠣᠨ ᠪᠣᠯᠪᠠᠰᠤᠷᠠᠩᠭᠤᠢ ᠬᠠᠮᠢᠶᠠᠷᠤᠯᠲᠠ ᠶᠢᠨ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠳᠤ ᠲᠠᠰᠤᠷᠠᠯᠲᠠ ᠦᠭᠡᠢ ᠳᠣᠲᠣᠭᠠᠳᠤ ᠶᠢᠨ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号