207 ᠤᠯᠤᠰ ᠤᠨ ᠲᠡᠰ ᠤᠨ ᠵᠠᠰᠠᠮᠠᠯ ᠵᠠᠮ ᠤᠨ ᠪᠠᠯᠠᠭᠠᠷᠭᠤᠤᠯ ᠪᠠᠯᠭᠠᠰᠤ ᠠᠴᠠ ᠰᠢᠯᠢ ᠶᠢᠨ ᠬᠤᠳᠠ ᠬᠦᠷᠬᠦ ᠵᠢᠴᠢ ᠪᠠᠯᠭᠠᠷᠭᠤᠣᠯ ᠪᠠᠯᠭᠠᠰᠤ ᠠᠴᠠ ᠪᠠᠶᠠᠠᠬᠤᠸᠠ ᠪᠠᠯᠭᠠᠰᠤ ᠬᠦᠷᠬᠦ ᠬᠡᠰᠡᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠳᠡᠯ ᠤᠨ ᠤᠷᠤᠨ ᠤ ᠬᠠᠮᠢᠶᠠᠷᠤᠯᠲᠠ ᠶᠢᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/31
   207 ᠤᠯᠤᠰ ᠤᠨ ᠲᠡᠰ ᠤᠨ ᠵᠠᠰᠠᠮᠠᠯ ᠵᠠᠮ ᠤᠨ ᠪᠠᠯᠭᠠᠷᠭᠤᠤᠯ ᠪᠠᠯᠭᠠᠰᠤ ᠠᠴᠠ ᠰᠢᠯᠢ ᠶᠢᠨ ᠬᠤᠳᠠ ᠬᠦᠷᠬᠦ ᠵᠢᠴᠢ ᠪᠠᠯᠭᠠᠷᠭᠤᠣᠯ ᠪᠠᠯᠭᠠᠰᠤ ᠠᠴᠠ ᠪᠠᠶᠠᠠᠬᠤᠸᠠ ᠬᠦᠷᠬᠦ ᠬᠡᠰᠡᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ︵ᠳᠣᠷᠣᠭᠰᠢ ︽ᠲᠤᠰ ᠲᠥᠷᠥᠯ ᠵᠦᠢᠯ︾ ᠭᠡᠵᠦ ᠲᠣᠪᠴᠢᠯᠠᠨ᠎ᠠ︶ ᠤᠨ ᠤᠷᠤᠭᠰᠢᠲᠠᠢ ᠶᠠᠪᠤᠭᠳᠠᠬᠤ ᠶᠢ ᠪᠠᠳᠤᠯᠠᠵᠦ᠂ ᠵᠠᠰᠠᠮᠠᠯ ᠵᠠᠮ ᠤᠨ ᠠᠮᠤᠷ ᠲᠦᠪᠰᠢᠨ ᠵᠢᠴᠢ ᠵᠠᠮ ᠳᠠᠭᠠᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ ︾ ︵ᠳᠣᠷᠣᠭᠰᠢ ︽ᠵᠠᠰᠠᠮᠠᠯ ᠵᠠᠮ ᠤᠨ ᠬᠠᠤᠯᠢ︾ ᠭᠡᠵᠦ ᠲᠣᠪᠴᠢᠯᠠᠨ᠎ᠠ︶᠂ ︽ᠵᠠᠰᠠᠮᠠᠯ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠳᠥᠷᠢᠮ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠲᠥᠷᠥᠯ ᠵᠦᠢᠯ ᠤᠨ ᠪᠣᠳᠠᠲᠠᠢ ᠲᠠᠢ ᠤᠶᠠᠯᠳᠤᠭᠤᠯᠤᠨ᠂ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠳᠡᠯ ᠤᠨ ᠣᠷᠣᠨ ᠤ ᠬᠠᠮᠢᠶᠠᠷᠤᠯᠲᠠ ᠶᠢᠨ ᠵᠦᠢᠯᠡᠰ ᠢ ᠳᠣᠣᠷᠠᠬᠢ ᠮᠡᠲᠦ ᠵᠠᠷᠯᠠᠶ᠎ᠠ᠄   ᠨᠢᠭᠡ᠂ ᠳᠦᠷᠦᠯ ᠵᠤᠶᠢᠯ ᠤᠨ ᠲᠣᠶᠢᠮᠣ ᠪᠠᠶᠢᠳᠠᠯ   207 ᠤᠯᠤᠰ ᠤᠨ ᠲᠡᠰ ᠤᠨ ᠵᠠᠰᠠᠮᠠᠯ ᠵᠠᠮ ᠤᠨ ᠪᠠᠯᠭᠠᠷᠭᠤᠤᠯ ᠪᠠᠯᠭᠠᠰᠤ ᠠᠴᠠ ᠰᠢᠯᠢ ᠶᠢᠨ ᠬᠤᠳᠠ ᠬᠦᠷᠬᠦ ᠵᠢᠴᠢ ᠪᠠᠯᠭᠠᠷᠭᠤᠣᠯ ᠪᠠᠯᠭᠠᠰᠤᠨ ᠠᠴᠠ ᠪᠠᠶᠠᠠᠬᠤᠸᠠ ᠬᠦᠷᠬᠦ ᠬᠡᠰᠡᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠨᠢ ᠵᠠᠰᠠᠮᠠᠯ ᠵᠠᠮ ᠤᠨ ᠨᠢᠭᠡᠳᠦᠭᠡᠷ ᠲᠡᠰ ᠤᠨ ᠪᠠᠷᠢᠮᠵᠢᠶ᠎ᠠ ᠪᠠᠷ ᠵᠠᠰᠠᠮᠠᠯ ᠵᠠᠮ ᠵᠠᠰᠠᠬᠤ ᠢᠨᠵᠧᠨᠧᠷᠢᠩ ᠪᠤᠯᠤᠨ᠎ᠠ᠂ ᠳᠤᠰ ᠢᠨᠵᠧᠨᠧᠷᠢᠩ ᠢ ᠨᠢᠭᠡᠨᠲᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠢᠨᠵᠧᠨᠧᠷᠢᠩ ᠤᠨ ᠪᠣᠯᠣᠮᠵᠢᠲᠤ ᠴᠢᠨᠠᠷ ᠤᠨ ᠰᠤᠳᠤᠯᠭ᠎ᠠ ᠵᠢᠴᠢ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠨᠢ ᠬᠠᠤᠯᠢ ᠶᠣᠰᠣᠭᠠᠷ ᠬᠢᠨᠠᠨ ᠵᠥᠪᠰᠢᠶᠡᠷᠡᠭᠦᠯᠪᠡ᠃   ᠬᠤᠶᠠᠷ᠂ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠳᠡᠯ ᠤᠨ ᠣᠷᠣᠨ ᠤ ᠬᠡᠪᠴᠢᠶ᠎ᠡ ᠬᠢᠭᠡᠳ ᠬᠠᠮᠢᠶᠠᠷᠤᠨ ᠡᠵᠡᠮᠳᠡᠬᠦ ᠦᠨᠳᠦᠰᠦᠯᠡᠯ   ︽ᠵᠠᠰᠠᠮᠠᠯ ᠵᠠᠮ ᠤᠨ ᠬᠠᠤᠯᠢ︾ ᠶᠢᠨ ᠲᠠᠪᠢᠨ ᠵᠢᠷᠭᠤᠳᠤᠭᠠᠷ ᠵᠦᠢᠯ ᠵᠢᠴᠢ ︽ᠵᠠᠰᠠᠮᠠᠯ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠳᠥᠷᠢᠮ︾ ᠤᠨ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠲᠣᠰ ᠢᠨᠵᠧᠨᠧᠷᠢᠩ ᠤᠨ ᠪᠠᠷᠢᠯᠭ᠎ᠠ ᠶᠢᠨ ᠪᠠᠶᠢᠷᠢᠯᠠᠵᠤ ᠪᠠᠶᠢᠭ᠎ᠠ ᠣᠷᠣᠨ ᠪᠦᠰᠡ ᠨᠢ ᠵᠠᠰᠠᠮᠠᠯ ᠵᠠᠮ ᠤᠨ ᠭᠠᠳᠠᠷ ᠬᠥᠪᠡᠭᠡ ᠠᠴᠠ ᠭᠠᠳᠠᠭᠰᠢ 20 ᠮᠧᠲᠷ ᠤᠨ ᠳᠤᠲᠤᠷᠠᠬᠢ ᠬᠡᠪᠴᠢᠶᠡᠨ ᠳᠤ ᠪᠠᠶᠢᠷᠢᠯᠠᠵᠤ᠂ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠳᠡᠯ ᠤᠨ ᠣᠷᠣᠨ ᠤ ᠬᠡᠪᠴᠢᠶᠡᠨ ᠳᠤ ᠪᠠᠭᠲᠠᠨ᠎ᠠ᠃ ᠡᠵᠡᠮᠳᠡᠯ ᠤᠨ ᠣᠷᠣᠨ ᠳᠤᠳᠤᠷ᠎ᠠ ᠳᠤᠷ᠎ᠠ ᠪᠠᠷ ᠢᠶᠠᠨ ᠪᠠᠷᠢᠯᠭ᠎ᠠ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ᠃   ⒈ ᠡᠵᠡᠮᠳᠡᠯ ᠤᠨ ᠤᠷᠤᠨ ᠤ ᠬᠡᠪᠴᠢᠶ᠎ᠡ ᠶᠢ ᠵᠠᠭᠠᠭᠯᠠᠨ ᠲᠤᠭᠲᠠᠭᠠᠬᠤ᠄ ᠲᠣᠰ ᠲᠥᠷᠥᠯ ᠵᠦᠢᠯ ᠤᠨ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠳᠡᠯ ᠤᠨ ᠣᠷᠣᠨ ᠤ ᠬᠡᠪᠴᠢᠶ᠎ᠡ ᠨᠢ ᠪᠠᠷᠢᠯᠭ᠎ᠠ ᠶᠢᠨ ᠵᠢᠷᠤᠭ ᠢ ᠦᠨᠳᠦᠰᠦᠯᠡᠨ ᠵᠢᠷᠤᠭᠯᠠᠨ ᠲᠥᠯᠥᠪᠯᠡᠭᠰᠡᠨ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠵᠠᠭᠠᠭ ᠠᠴᠠ ᠭᠠᠳᠠᠭᠰᠢ 20 ᠮᠧᠲᠷ ᠥᠷᠭᠡᠳᠬᠡᠭᠰᠡᠨ ᠣᠷᠣᠨ ᠪᠦᠰᠡ ᠶᠢ ᠵᠢᠭᠠᠨ᠎ᠠ᠃   ⒉ ᠴᠠᠭᠠᠵᠠᠯᠠᠬᠤ ᠦᠶᠯᠡ ᠠᠵᠢᠯᠯᠠᠭ᠎ᠠ᠄ ᠬᠤᠰᠢᠭᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ ᠵᠡᠷᠭᠡ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠶᠠᠮᠠᠷᠪᠠ ᠨᠢᠭᠡᠴᠡ ᠪᠠ ᠬᠤᠪᠢ ᠬᠥᠮᠥᠨ ᠨᠢ ᠡᠵᠡᠮᠳᠡᠯ ᠤᠨ ᠣᠷᠣᠨ ᠳᠣᠲᠣᠷ᠎ᠠ ᠳᠣᠣᠷᠠᠬᠢ ᠠᠵᠢᠯᠯᠠᠭ᠎ᠠ ᠶᠢ ᠥᠷᠨᠢᠭᠦᠯᠵᠦ ᠪᠣᠯᠬᠤ ᠦᠭᠡᠢ᠄   ︵1︶ ᠪᠠᠷᠢᠯᠭ᠎ᠠ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ᠃   ︵2︶ ᠴᠠᠬᠢᠯᠭᠠᠨ ᠤᠲᠠᠰᠤ ᠶᠢᠨ ᠬᠤᠭᠤᠯᠠᠢ᠂ ᠴᠠᠬᠢᠯᠭᠠᠨ ᠤᠲᠠᠰᠤᠨ ᠤ ᠰᠤᠭᠤᠩ ᠵᠡᠷᠭᠡ ᠲᠥᠬᠦᠭᠡᠷᠦᠮᠵᠢ ᠶᠢ ᠳᠤᠷ᠎ᠠ ᠪᠠᠷ ᠢᠶᠠᠨ ᠪᠠᠶᠢᠭᠤᠯᠬᠤ᠃   ︵3︶ ᠬᠠᠤᠯᠢ ᠶᠢ ᠵᠥᠷᠢᠴᠡᠨ ᠬᠠᠳᠠ ᠴᠢᠯᠠᠭᠤ ᠮᠠᠯᠲᠠᠬᠤ᠂ ᠬᠠᠶᠢᠷ ᠡᠯᠡᠰᠦ ᠮᠠᠯᠲᠠᠬᠤ᠂ ᠬᠠᠶᠠᠭᠳᠠᠮᠠᠯ ᠪᠣᠳᠠᠰ ᠪᠤᠯᠠᠬᠤ ᠵᠡᠷᠭᠡ ᠵᠠᠰᠠᠮᠠᠯ ᠵᠠᠮ ᠤᠨ ᠠᠮᠤᠷ ᠲᠦᠪᠰᠢᠨ ᠢ ᠡᠪᠳᠡᠭᠰᠡᠨ ᠦᠢᠯᠡ ᠠᠵᠢᠯᠯᠠᠭ᠎ᠠ᠃   ︵4︶ ᠵᠠᠰᠠᠮᠠᠯ ᠵᠠᠮ ᠤᠨ ᠠᠮᠤᠷ ᠲᠦᠪᠰᠢᠨ ᠪᠤᠶᠤ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠨᠥᠯᠥᠭᠡᠯᠡᠵᠦ ᠮᠡᠳᠡᠬᠦ ᠪᠤᠰᠤᠳ ᠠᠵᠢᠯᠯᠠᠭ᠎ᠠ ᠨᠤᠭᠤᠳ᠃   ᠭᠤᠷᠪᠠ᠂ ᠠᠭᠠᠷ ᠠᠴᠠ ᠰᠡᠭᠦᠳᠡᠷᠯᠡᠵᠦ ᠭᠡᠷᠡᠴᠢ ᠠᠪᠬᠤ ᠪᠠ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠮᠠᠭᠠᠳᠯᠠᠨ ᠲᠣᠭᠲᠠᠭᠠᠬᠤ  ⒈ᠠᠭᠠᠷ ᠠᠴᠠ ᠰᠡᠭᠦᠳᠡᠷᠯᠡᠭᠰᠡᠨ ᠰᠡᠭᠦᠳᠡᠷ ᠤᠨ ᠪᠠᠷᠢᠮᠵᠢᠶᠠᠯᠠᠬᠤ ᠴᠠᠭ᠄ 2024 ᠣᠨ ᠤ 10 ᠰᠠᠷ᠎ᠠ ᠶᠢᠨ 10 ᠤ ᠡᠳᠦᠷ᠂ ᠬᠡᠮᠵᠢᠨ ᠵᠢᠷᠤᠬᠤ ᠬᠢᠷᠢ ᠬᠡᠮ ᠲᠠᠢ ᠪᠠᠶᠢᠭᠤᠯᠤᠮᠵᠢ ᠠᠴᠠ ᠲᠣᠰ ᠲᠥᠷᠥᠯ ᠵᠦᠢᠯ ᠤᠨ ᠵᠠᠮ ᠳᠠᠭᠤ ᠠᠭᠠᠷ ᠠᠴᠠ ᠰᠡᠭᠦᠳᠡᠷᠯᠡᠵᠤ᠂ ᠠᠭᠠᠷ ᠠᠴᠠ ᠰᠡᠭᠦᠳᠡᠷᠯᠡᠭᠰᠡᠨ ᠰᠡᠭᠦᠳᠡᠷ ᠢᠶᠠᠨ ᠨᠢᠭᠡᠨᠲᠡ ᠠᠯᠪᠠᠨ ᠭᠡᠷᠡᠴᠢᠯᠡᠭᠡ ᠶᠢᠨ ᠪᠠᠶᠢᠭᠤᠯᠭ᠎ᠠ ᠪᠠᠷ ᠠᠯᠪᠠᠨ ᠭᠡᠷᠡᠴᠢᠯᠡᠭᠡ ᠬᠢᠯᠭᠡᠵᠦ᠂ ᠤᠳᠤᠬᠢ ᠪᠠᠶᠢᠳᠠᠯ ᠤᠨ ᠭᠡᠷᠡᠴᠢ ᠪᠠᠷᠢᠮᠲᠠ ᠪᠠᠷ ᠳᠤᠭᠳᠠᠪᠤᠷᠢᠵᠢᠭᠤᠯᠵᠦ᠂ ᠣᠲᠣ ᠶᠢᠨ ᠪᠠᠶᠢᠭ᠎ᠠ ᠪᠠᠷᠢᠯᠭ᠎ᠠ ᠢ ᠨᠢ ᠴᠥᠮ ᠬᠢᠨᠠᠨ ᠬᠠᠷᠭᠤᠭᠤᠯᠵᠤ ᠪᠦᠷᠢᠳᠬᠡᠨ ᠳᠠᠩᠰᠠᠯᠠᠪᠠ᠃   ⒉ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠶᠢ ᠵᠠᠭᠠᠭᠯᠠᠨ ᠲᠣᠭᠲᠠᠭᠠᠬᠤ᠄ ᠠᠭᠠᠷ ᠠᠴᠠ ᠰᠡᠭᠦᠳᠡᠷᠯᠡᠭᠰᠡᠨ ᠰᠡᠭᠦᠳᠡᠷ ᠤᠨ ᠪᠠᠷᠢᠮᠵᠢᠶᠠᠯᠠᠭᠰᠠᠨ ᠡᠳᠦᠷ ᠠᠴᠠ ᠬᠤᠶᠢᠰᠢ᠂ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠳᠡᠯ ᠤᠨ ᠣᠷᠣᠨ ᠳᠣᠲᠣᠷ᠎ᠠ ᠬᠠᠤᠯᠢ ᠶᠣᠰᠣᠨ ᠤ ᠬᠢᠨᠠᠨ ᠵᠥᠪᠰᠢᠶᠡᠷᠡᠭᠦᠯᠬᠦ ᠭᠠᠷᠳᠠᠮ ᠣᠯᠣᠭᠠᠳᠤᠢ ᠪᠠᠷᠢᠯᠭ᠎ᠠ ᠶᠢᠨ ᠵᠦᠢᠯ ᠪᠥᠬᠦᠨ ᠢ ᠴᠥᠮ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠤᠭᠰᠠᠨ ᠢᠶᠠᠷ ᠦᠵᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ᠶᠢᠨ ᠳᠥᠴᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠬᠠᠤᠯᠢ ᠶᠣᠰᠣᠭᠠᠷ ᠲᠥᠯᠥᠪᠦᠷᠢ ᠥᠭᠬᠦ ᠦᠭᠡᠢ ᠪᠥᠭᠡᠳ ᠬᠤᠭᠤᠴᠠᠭ᠎ᠠ ᠬᠢᠵᠠᠭᠠᠷᠯᠠᠨ ᠠᠯᠪᠠᠳᠠᠵᠦ ᠨᠤᠷᠠᠭᠠᠯᠭᠠᠨ᠎ᠠ᠃   ᠳᠥᠷᠪᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠬᠢᠭᠡᠳ ᠦᠷ᠎ᠡ ᠳ᠋ᠦᠩ   ⒈ᠬᠠᠤᠯᠢ ᠠᠴᠠ ᠵᠥᠷᠢᠴᠡᠬᠦ ᠦᠷ᠎ᠡ ᠳ᠋ᠦᠩ᠄ ᠲᠣᠰ ᠠᠯᠪᠠᠨ ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ᠂ ︽ᠵᠠᠰᠠᠮᠠᠯ ᠵᠠᠮ ᠤᠨ ᠬᠠᠤᠯᠢ︾ ᠶᠢᠨ ᠨᠠᠶᠠᠨ ᠨᠢᠭᠡᠳᠦᠭᠡᠷ ᠵᠦᠢᠯ᠂ ︽ᠵᠠᠰᠠᠮᠠᠯ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠳᠥᠷᠢᠮ︾ ᠤᠨ ᠲᠠᠪᠢᠨ ᠵᠢᠷᠭᠤᠳᠤᠭᠠᠷ ᠵᠦᠢᠯ ᠵᠡᠷᠭᠡ ᠲᠣᠭᠲᠠᠭᠠᠯ ᠢ ᠦᠨᠳᠦᠰᠦᠯᠡᠨ ᠂ ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠠᠯᠪᠠᠳᠠᠨ ᠨᠤᠷᠠᠭᠠᠯᠭᠠᠬᠤ᠂ ᠵᠣᠭᠤᠰ ᠢᠶᠠᠷ ᠲᠣᠷᠭᠠᠬᠤ ᠵᠡᠷᠭᠡ ᠠᠷᠭ᠎ᠠ ᠬᠡᠮᠵᠢᠶ᠎ᠡ ᠠᠪᠬᠤ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃   ⒉ᠬᠠᠤᠯᠢ ᠪᠤᠰᠤ ᠨᠥᠬᠦᠪᠦᠷᠢ ᠤᠯᠬᠤ ᠲᠤᠬᠠᠢ ᠰᠡᠷᠡᠮᠵᠢᠯᠡᠭᠦᠯᠦᠯ᠄ ᠶᠠᠮᠠᠷᠪᠠ ᠨᠢᠭᠡᠴᠡ ᠪᠠ ᠬᠤᠪᠢ ᠬᠥᠮᠥᠨ ᠤ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠪᠠᠨ ᠨᠤᠷᠠᠭᠠᠯᠭᠠᠵᠤ ᠨᠥᠬᠦᠪᠦᠷᠢ  ᠠᠪᠬᠤ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠳᠤᠭᠠᠴᠠᠭᠳᠠᠵᠦ᠂ ᠪᠠᠶᠢᠴᠠᠭᠠᠨ ᠲᠣᠳᠣᠯᠠᠮᠠᠭᠴᠠ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ᠂ ᠬᠤᠯᠪᠣᠭᠳᠠᠯ ᠪᠦᠬᠦᠢ  ᠡᠭᠦᠰᠦᠭᠰᠡᠨ ᠬᠤᠬᠢᠷᠠᠯ ᠢ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠪᠦᠲᠦᠭᠡᠨ ᠪᠠᠶᠢᠭᠤᠯᠤᠭᠴᠢ ᠠᠴᠠ ᠥᠪᠡᠷ ᠢᠶᠠᠨ ᠡᠭᠦᠷᠭᠡᠯᠡᠨ᠎ᠡ᠃    ᠲᠠᠪᠤ᠂ ᠤᠯᠠᠨ ᠨᠡᠶᠢᠲᠡ ᠠᠴᠠ ᠬᠢᠨᠠᠯᠲᠠ ᠲᠠᠯᠪᠢᠬᠤ ᠶᠢ ᠰᠠᠨᠠᠭᠠᠴᠢᠯᠠᠬᠤ    ⒈ᠬᠠᠤᠯᠢ ᠶᠢ ᠰᠠᠬᠢᠬᠤ ᠶᠢ ᠰᠠᠨᠠᠭᠠᠴᠢᠯᠠᠬᠤ ᠨᠢ᠄ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠵᠠᠰᠠᠮᠠᠯ ᠵᠠᠮ ᠤᠨ ᠠᠮᠤᠷ ᠲᠦᠪᠰᠢᠨ ᠢ ᠬᠠᠮᠲᠤᠪᠠᠷ ᠬᠠᠮᠠᠭᠠᠯᠠᠵᠤ᠂ ᠶᠠᠮᠠᠷᠪᠠ ᠬᠡᠯᠪᠡᠷᠢ ᠪᠠᠷ ᠴᠤ ᠬᠠᠤᠯᠢ ᠶᠢ ᠵᠥᠷᠢᠴᠡᠭᠰᠡᠨ ᠪᠦᠲᠦᠭᠡᠨ ᠪᠠᠶᠢᠭᠤᠯᠤᠯᠲᠠ ᠪᠠᠶᠢᠭᠤᠯᠵᠤ ᠪᠣᠯᠬᠤ ᠦᠭᠡᠢ ᠭᠡᠵᠤ ᠵᠠᠮ ᠳᠠᠭᠠᠤ ᠶᠢᠨ ᠣᠯᠠᠨ ᠲᠦᠮᠡᠨ ᠳᠤ ᠰᠠᠨᠠᠭᠠᠴᠢᠯᠠᠶ᠎ᠠ᠃    ⒉ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠄ ᠶᠠᠮᠠᠷᠪᠠ ᠨᠢᠭᠡᠴᠡ ᠪᠠ ᠬᠤᠪᠢ ᠬᠥᠮᠥᠨ ᠴᠦᠮ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃ ᠢᠯᠡᠴᠢᠯᠡᠨ ᠮᠡᠳᠡᠭᠦᠯᠬᠦ ᠤᠲᠠᠰᠤ᠄ 0479 ︱ 3529761    ᠣᠨᠴᠠᠭᠠᠶᠢᠯᠠᠨ ᠵᠠᠷᠯᠠᠪᠠ       ᠪᠠᠷᠠᠭᠤᠨ ᠦᠵᠦᠮᠦᠴᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ                                                                                                 2025 ᠣᠨ ᠤ 3 ᠰᠠᠷ᠎ᠠ ᠶᠢᠨ 28 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号