3 ᠰᠠᠷ᠎ᠠ ᠶᠢᠨ 2 ᠤ ᠡᠳᠦᠷ᠂ ᠪᠠᠷᠠᠭᠤᠨ ᠦᠵᠦᠮᠦᠴᠢᠨ ᠬᠤᠰᠢᠭᠤ ︽3 · 5 ᠯᠧᠢ ᠹᠧᠩ ᠠᠴᠠ ᠰᠤᠷᠤᠯᠴᠠᠬᠤ | ᠳᠤᠷᠠᠰᠬᠠᠯ ᠤᠨ ᠡᠳᠦᠷ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠭᠤᠣᠯ ᠰᠡᠳᠦᠪᠲᠦ ᠰᠠᠷ᠎ᠠ ᠶᠢᠨ ᠠᠵᠢᠯᠯᠠᠭ᠎ᠠ | ᠶᠢ ᠡᠬᠢᠯᠡᠭᠦᠯᠵᠦ᠂ ᠠᠵᠢᠯᠯᠠᠭ᠎ᠠ ᠨᠢ ︽ᠯᠧᠢ ᠹᠧᠩ ᠠᠴᠠ ᠰᠤᠷᠤᠯᠴᠠᠵᠤ ᠰᠠᠶᠢᠨ ᠳᠤᠷ᠎ᠠ ᠶᠢᠨ ᠦᠢᠯᠡᠴᠢᠯᠡᠭᠡᠨ ᠤ | ᠥᠭᠡᠷᠡᠴᠢᠯᠡᠯᠲᠡ ᠳᠤ ᠰᠢᠨ᠎ᠡ ᠭᠠᠪᠢᠶ᠎ᠠ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠣᠯᠠᠨ ᠰᠠᠶᠢᠨ ᠳᠤᠷ᠎ᠠ ᠶᠢᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠤᠷᠢᠭ ᠭᠠᠴᠠᠭ᠎ᠠ ᠪᠠ ᠰᠠᠭᠤᠭᠠᠯᠢ ᠠᠷᠠᠳ | ᠣᠷᠣᠯᠴᠠᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ | ᠰᠢᠤᠸᠠᠢ ᠶᠢᠩ ᠪᠠᠶᠠᠷ ᠤᠨ ᠦᠭᠡ ᠬᠡᠯᠡᠵᠡᠢ᠃ ᠲᠡᠷᠡ ᠶᠠᠷᠢᠶᠠᠨ ᠳᠠᠭᠠᠨ᠂ ᠯᠧᠢ ᠹᠧᠩ ᠤᠨ ᠵᠣᠷᠢᠭ ᠰᠠᠨᠠᠭᠠᠨ ᠤ ᠰᠢᠨ᠎ᠡ | ᠴᠠᠭ ᠦᠶ᠎ᠡ ᠳᠠᠬᠢ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠨ᠂ ᠣᠯᠠᠨ ᠢᠶᠠᠷ ᠢᠶᠠᠨ ᠰᠠᠶᠢᠨ ᠳᠤᠷ᠎ᠠ ᠶᠢᠨ | ᠦᠢᠯᠡᠴᠢᠯᠡᠭᠡ ᠳᠤ ᠢᠳᠡᠪᠬᠢᠲᠡᠢ ᠣᠷᠣᠯᠴᠠᠵᠤ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠨᠡᠩ ᠪᠠᠶᠢᠩᠭᠤᠵᠢᠭᠤᠯᠵᠤ᠂ ᠣᠯᠠᠨ ᠲᠦᠮᠡᠨᠴᠢᠯᠡᠵᠦ᠂ ᠨᠡᠶᠢᠭᠡᠮᠴᠢᠯᠡᠵᠦ᠂ ᠪᠣᠳᠠᠲᠤ | ᠠᠵᠢᠯᠯᠠᠭ᠎ᠠ ᠪᠠᠷ ᠢᠶᠠᠨ ᠨᠡᠩ ᠣᠯᠠᠨ ᠬᠥᠮᠥᠰ ᠢ ᠳᠠᠶᠢᠴᠢᠯᠠᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠨᠥᠯᠥᠭᠡᠯᠡᠬᠦ | ᠬᠦᠴᠦᠨ ᠪᠠ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠬᠦ ᠶᠢ ᠵᠣᠷᠢᠭᠵᠢᠭᠤᠯᠵᠠᠢ᠃ | ᠠᠵᠢᠯᠯᠠᠭ᠎ᠠ ᠨᠢ ᠢᠷᠠᠭᠤ ᠰᠠᠶᠢᠬᠠᠨ ᠮᠣᠷᠢᠨ ᠬᠤᠭᠤᠷ ᠤᠨ ᠠᠶᠠᠯᠭᠤ ᠪᠠᠷ ᠡᠬᠢᠯᠡᠵᠦ᠂ ᠠᠬᠤᠢ ᠲᠠᠯᠠᠪᠤᠷ ᠤᠨ ᠠᠭᠤᠷ | ᠠᠮᠢᠰᠬᠤᠯ ᠬᠥᠭᠵᠢᠶᠡᠨᠲᠡᠢ ᠪᠠᠶᠢᠯ᠎ᠠ᠃ ᠪᠦᠬᠦ ᠠᠵᠢᠯᠲᠠᠳ ᠰᠢ ᠶᠢᠨ ᠫᠢᠩ ᠶᠡᠷᠦᠩᠬᠡᠢ ᠱᠦᠵᠢ ᠶᠢᠨ ᠯᠧᠢ ᠹᠧᠩ | ᠨᠥᠬᠦᠷ ᠲᠤ ᠥᠭᠭᠦᠭᠰᠡᠨ ᠴᠣᠬᠤᠯᠠᠪᠤᠷᠢ ᠶᠢᠨ ᠵᠣᠷᠢᠭ ᠰᠠᠨᠠᠭᠠᠨ ᠤ ᠲᠤᠬᠠᠢ ᠳᠦᠷᠰᠦ ᠰᠢᠩᠭᠡᠭᠡᠯᠲᠡ ᠶᠢ ᠬᠠᠮᠲᠤ ᠪᠠᠷ | ᠦᠵᠡᠵᠦ᠂ ᠯᠧᠢ ᠹᠧᠩ ᠤᠨ ᠵᠣᠷᠢᠭ ᠰᠠᠨᠠᠭᠠᠨ ᠤ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠥᠷᠲᠡᠭ ᠢ | ᠭᠦᠨᠵᠡᠭᠡᠢ ᠣᠶᠢᠯᠠᠭᠠᠪᠠ᠃ | ᠠᠵᠢᠯᠯᠠᠭ᠎ᠠ ᠳᠤ᠂ ᠰᠠᠶᠢᠨ ᠳᠤᠷ᠎ᠠ ᠶᠢᠨ ᠠᠵᠢᠯᠯᠠᠭ᠎ᠠ ᠶᠢᠨ ᠭᠤᠣᠯ ᠰᠡᠳᠦᠪᠲᠦ ᠰᠠᠷ᠎ᠠ ᠶᠢᠨ ᠠᠵᠢᠯᠯᠠᠭ᠎ᠠ ᠶᠢᠨ | ᠠᠵᠢᠯ ᠤᠨ ᠲᠥᠰᠥᠯ ᠢ ᠲᠣᠬᠢᠷᠠᠭᠤᠯᠤᠨ ᠪᠠᠶᠢᠷᠢᠯᠠᠭᠤᠯᠵᠤ᠂ 8 ᠬᠠᠮᠤᠭ ᠤᠨ ᠰᠢᠯᠢᠳᠡᠭ ᠰᠠᠶᠢᠨ ᠳᠤᠷ᠎ᠠ ᠶᠢᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ 8 ᠬᠠᠮᠤᠭ ᠤᠨ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ | ᠨᠡᠶᠢᠭᠡᠮ ᠲᠣᠭᠤᠷᠢᠭ ᠭᠠᠴᠠᠭ᠎ᠠ ᠵᠢᠴᠢ 8 ᠣᠳᠣᠨ ᠲᠠᠰ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠬᠥᠬᠢᠭᠦᠯᠦᠨ | ᠰᠠᠶᠢᠰᠢᠶᠠᠪᠠ᠃ ᠲᠡᠳᠡ ᠪᠣᠳᠠᠲᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠲᠠᠶᠢᠯᠪᠤᠷᠢᠯᠠᠨ᠂ | ᠣᠯᠠᠨ ᠤ ᠰᠤᠷᠤᠯᠴᠠᠬᠤ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃ ᠲᠡᠷᠢᠭᠦᠨ ᠤ ᠨᠡᠶᠢᠲᠡᠯᠢᠭ ᠵᠢᠱᠢᠶᠡᠴᠢ ᠣᠳᠣᠨ | ᠲᠠᠰ ᠤᠨ ᠰᠠᠶᠢᠨ ᠳᠤᠷ᠎ᠠ ᠶᠢᠨ ᠠᠵᠢᠯᠯᠠᠭᠴᠢ ᠰᠠᠩ ᠮᠧᠶ ᠰᠢᠶᠠ ᠪᠣᠯᠣᠨ ᠬᠠᠮᠤᠭ ᠤᠨ ᠰᠢᠯᠢᠳᠡᠭ ᠰᠠᠶᠢᠨ ᠳᠤᠷ᠎ᠠ ᠶᠢᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠠᠴᠠ ᠪᠠᠷᠠᠭᠤᠨ ᠦᠵᠦᠮᠦᠴᠢᠨ ᠤ ᠬᠠᠶᠢᠷ᠎ᠠ ᠬᠠᠯᠠᠮᠵᠢ ᠨᠡᠶᠢᠭᠡᠮ ᠤᠨ | ᠠᠵᠢᠯᠲᠠᠨ ᠤ ᠨᠡᠶᠢᠭᠡᠮᠯᠢᠭ ᠢ ᠲᠥᠯᠥᠭᠡᠯᠡᠨ ᠶᠠᠷᠢᠶ᠎ᠠ ᠲᠠᠯᠪᠢᠵᠤ᠂ ᠲᠡᠳᠡᠨ ᠤ ᠰᠠᠶᠢᠨ ᠳᠤᠷ᠎ᠠ ᠶᠢᠨ ᠦᠢᠯᠡᠴᠢᠯᠡᠭᠡᠨ | ᠳᠤᠮᠳᠠᠬᠢ ᠰᠡᠳᠬᠢᠯ ᠬᠥᠳᠡᠯᠭᠡᠮ᠎ᠡ ᠥᠯᠢᠭᠡᠷ ᠪᠠ ᠭᠦᠨᠵᠡᠭᠡᠢ ᠲᠥᠷᠥᠭᠳᠡᠯ ᠢ ᠬᠤᠪᠢᠶᠠᠯᠴᠠᠵᠤ᠂ ᠲᠤᠬᠠᠢ ᠶᠢᠨ | ᠲᠠᠯᠠᠪᠤᠷ ᠲᠤ ᠪᠠᠶᠢᠭᠰᠠᠨ ᠬᠥᠮᠥᠨ ᠨᠢᠭᠡᠪᠦᠷᠢ ᠶᠢ ᠤᠷᠮᠠᠰᠢᠭᠤᠯᠤᠨ ᠵᠣᠷᠢᠭᠵᠢᠭᠤᠯᠵᠠᠢ᠃ ᠵᠠᠯᠭᠠᠭᠠᠳ ᠮᠡᠳᠡᠯᠭᠡ ᠶᠢᠨ | ᠰᠡᠳᠦᠪ ᠬᠠᠷᠢᠭᠤᠯᠬᠤ ᠶᠠᠪᠤᠴᠠ ᠨᠢ ᠣᠯᠠᠨ ᠤ ᠠᠩᠬᠠᠷᠤᠯ ᠢ ᠲᠠᠲᠠᠵᠤ᠂ ᠯᠧᠢ ᠹᠧᠩ ᠤᠨ ᠵᠣᠷᠢᠭ ᠰᠠᠨᠠᠭ᠎ᠠ ᠪᠣᠯᠣᠨ | ᠰᠠᠶᠢᠨ ᠳᠤᠷ᠎ᠠ ᠶᠢᠨ ᠦᠢᠯᠡᠴᠢᠯᠡᠭᠡ ᠶᠢᠨ ᠲᠤᠬᠠᠢ ᠣᠯᠠᠨ ᠤ ᠣᠶᠢᠯᠠᠭᠠᠯᠲᠠ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠡᠢ᠃ | ᠲᠣᠰ ᠤᠳᠠᠭᠠᠨ ᠤ ︽3 · 5 ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ ᠤᠨ ᠰᠠᠶᠢᠨ ᠳᠤᠷ᠎ᠠ | ᠶᠢᠨ ᠦᠢᠯᠡᠴᠢᠯᠡᠭᠡᠨ ᠤ ᠭᠤᠣᠯ ᠰᠡᠳᠦᠪᠲᠦ ᠰᠠᠷ᠎ᠠ ᠶᠢᠨ ᠠᠵᠢᠯᠯᠠᠭ᠎ᠠ ᠨᠢ ᠯᠧᠢ ᠹᠧᠩ ᠤᠨ ᠵᠣᠷᠢᠭ ᠰᠠᠨᠠᠭ᠎ᠠ ᠶᠢ | ᠤᠯᠠᠮᠵᠢᠯᠠᠨ ᠪᠠᠳᠠᠷᠠᠭᠤᠯᠵᠤ ᠪᠠᠶᠢᠭ᠎ᠠ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠠᠩ ᠴᠤ ᠪᠠᠷᠠᠭᠤᠨ ᠦᠵᠦᠮᠦᠴᠢᠨ | ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ | ᠪᠣᠯᠪᠠᠰᠤᠨ ᠤ ᠳᠠᠪᠰᠢᠯᠲᠠ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠬᠤ ᠶᠤᠮ᠃ ᠪᠠᠷᠠᠭᠤᠨ | ᠦᠵᠦᠮᠦᠴᠢᠨ ᠬᠤᠰᠢᠭᠤ ᠨᠢ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠢ ᠥᠷᠨᠢᠭᠦᠯᠵᠦ᠂ ᠯᠧᠢ ᠹᠧᠩ ᠤᠨ ᠵᠣᠷᠢᠭ ᠰᠠᠨᠠᠭᠠᠨ ᠳᠤ ᠨᠡᠩ ᠶᠡᠭᠡ ᠥᠩᠭᠡ ᠭᠡᠷᠡᠯ | ᠨᠡᠮᠡᠷᠢᠯᠡᠬᠦ ᠪᠣᠯᠣᠨ᠎ᠠ᠃ | |