︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠠᠳᠬᠤᠨ᠎ᠠᠪᠠᠷᠠᠭᠤᠨ ᠦᠵᠦᠮᠦᠴᠢᠨ ᠬᠤᠰᠢᠭᠤ᠄ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠰᠤ ᠬᠡᠷᠡᠭᠯᠡᠬᠦ ᠲᠣᠮᠣ ᠡᠷᠦᠬᠡ ᠶᠢ ᠤᠰᠤ ᠭᠠᠷᠬᠤ ᠲᠣᠮᠣ ᠡᠷᠦᠬᠡ ᠪᠣᠯᠭᠠᠨ ᠬᠤᠪᠢᠷᠠᠭᠤ᠋
ᠨᠡᠶᠢᠲᠡᠯᠡᠭᠰᠡᠨ ᠴᠠᠭ᠄
2025/4/1
   ᠤᠰᠤ ᠪᠣᠯ ᠠᠮᠢ ᠨᠠᠰᠤᠨ ᠤ ᠡᠬᠢ ᠰᠤᠷᠪᠤᠯᠵᠢ ᠮᠥᠨ᠃ ᠡᠨᠡ ᠵᠢᠯ ᠪᠠᠷᠠᠭᠤᠨ ᠦᠵᠦᠮᠦᠴᠢᠨ ᠬᠤᠰᠢᠭᠤ ︽ᠵᠢᠷᠭᠤᠭᠠᠨ ᠠᠵᠢᠯᠯᠠᠭ᠎ᠠ︾ ᠶᠢᠨ ᠱᠠᠭᠠᠷᠳᠠᠯᠭ᠎ᠠ ᠶᠢᠨ ᠲᠣᠭᠤᠷᠢᠨ ᠳᠤ ᠤᠰᠤ ᠠᠷᠪᠢᠯᠠᠬᠤ ᠠᠵᠢᠯᠯᠠᠭ᠎ᠠ ᠶᠢ ᠪᠦᠭᠦ ᠲᠠᠯ᠎ᠠ ᠶᠢᠨ ᠬᠥᠭᠵᠢᠯᠲᠡ ᠶᠢᠨ ᠴᠢᠬᠤᠯᠠ ᠭᠠᠷᠳᠠᠴᠠ ᠪᠣᠯᠭᠠᠵᠤ᠂ ᠤᠰᠤ ᠠᠷᠪᠢᠯᠠᠬᠤ ᠬᠤᠭᠤᠯᠠᠢ ᠶᠢ ᠴᠢᠬᠤᠯᠠ ᠪᠠᠶᠢᠷᠢᠨ ᠳᠤ ᠲᠠᠯᠪᠢᠵᠤ᠂ ᠤᠰᠤ ᠠᠷᠪᠢᠯᠠᠬᠤ ᠠᠵᠢᠯᠯᠠᠭ᠎ᠠ ᠶᠢ ᠶᠡᠭᠡ ᠪᠠᠷ ᠨᠠᠶᠢᠳᠠᠪᠤᠷᠢᠵᠢᠭᠤᠯᠤᠨ᠂ ᠬᠠᠮᠤᠭ ᠤᠨ ᠯᠠᠪᠳᠠᠭᠤᠨ ᠠᠷᠭ᠎ᠠ ᠬᠡᠮᠵᠢᠶ᠎ᠡ᠂ ᠨᠠᠩ ᠴᠢᠩᠭ᠎ᠠ ᠬᠠᠮᠢᠶᠠᠷᠤᠯᠲᠠ ᠶᠢᠨ ᠳᠦᠷᠢᠮ ᠢᠶᠠᠷ ᠰᠢᠰᠲ᠋ᠧᠮ ᠲᠠᠢ᠂ ᠭᠦᠨᠴᠡ ᠲᠠᠢ ᠶᠡᠷᠦᠩᠬᠡᠶᠢᠯᠡᠭᠰᠡᠨ ᠤᠰᠤ ᠠᠷᠪᠢᠯᠠᠬᠤ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠷᠪᠢᠯᠠᠨ ᠠᠰᠢᠭᠯᠠᠬᠤ ᠶᠢ ᠠᠬᠢᠭᠤᠯᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢ ᠴᠢᠳᠠᠯ ᠤᠨ ᠬᠢᠷᠢ ᠪᠠᠷ ᠢᠶᠠᠨ ᠬᠠᠩᠭᠠᠬᠤ ᠪᠣᠯᠣᠨ᠎ᠠ᠃    ᠤᠲᠤᠭ᠎ᠠ ᠤᠨᠢᠶᠠᠷ ᠤᠨ ᠤᠰᠤ ᠲᠠᠲᠠᠬᠤ ᠲᠥᠬᠦᠭᠡᠷᠦᠮᠵᠢ ᠶᠢᠨ ᠦᠷᠭᠦᠯᠵᠢᠯᠡᠨ ᠲᠣᠭᠲᠠᠭᠤᠨ ᠢᠶᠠᠷ ᠠᠵᠢᠯᠯᠠᠬᠤ ᠶᠢ ᠳᠠᠭᠠᠯᠳᠤᠨ᠂ ᠰᠢᠯᠢ ᠶᠢᠨ ᠭᠤᠣᠯ ᠤᠨ ᠲᠠᠯ᠎ᠠ ᠨᠤᠲᠤᠭ ᠲᠠᠬᠢ ᠮᠠᠰᠢ ᠤᠯᠠᠨ ᠠᠵᠤ ᠠᠬᠤᠶᠢᠯᠠᠯ ᠡᠨᠡ ᠬᠦ ᠮᠡᠷᠭᠡᠵᠢᠯ ᠢ ᠠᠰᠢᠭᠯᠠᠨ ᠤᠰᠤ ᠠᠷᠪᠢᠯᠠᠬᠤ ᠥᠭᠡᠷᠡᠴᠢᠯᠡᠯᠲᠡ ᠶᠢ ᠬᠢᠵᠦ ᠡᠬᠢᠯᠡᠪᠡ᠃     ᠪᠠᠶᠠᠨᠬᠤᠸᠠ ᠠᠭᠤᠷᠬᠠᠢ ᠶᠢᠨ ᠠᠮᠠᠰᠠᠷ ᠤᠨ ᠴᠠᠬᠢᠯᠭᠠᠨ ᠭᠠᠷᠭᠠᠬᠤ ᠺᠣᠮᠫᠠᠨᠢ ᠰᠢᠯᠢ ᠶᠢᠨ ᠭᠤᠣᠯ ᠠᠶᠢᠮᠠᠭ ᠤᠨ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ᠂ 2024 ᠣᠨ ᠤ 6 ᠰᠠᠷ᠎ᠠ ᠳᠤ᠂ 66 ᠲᠦᠮᠡᠨ ᠺᠢᠯᠣᠸᠠᠲ ᠤᠨ ᠬᠡᠲᠦ ᠬᠢᠵᠠᠭᠠᠷ ᠤᠨ ᠬᠦᠷᠡᠩ  ᠨᠡᠭᠦᠷᠡᠰᠦᠨ ᠤ ᠳᠠᠮ ᠢᠶᠠᠷ ᠠᠭᠠᠷ ᠢᠶᠠᠷ ᠬᠥᠷᠥᠭᠡᠬᠦ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠪᠦᠷᠢ ᠵᠢᠶᠠᠩᠰᠤ ᠮᠤᠵᠢ ᠳᠤ 66 ᠳ᠋ᠦᠩᠰᠢᠭᠤᠷ ᠺᠢᠯᠣᠸᠠᠲ ᠴᠠᠬᠢᠯᠭᠠᠨ ᠬᠦᠷᠭᠡᠵᠣ᠂ ᠡᠨᠡ ᠨᠢ 230 ᠲᠦᠮᠡᠨ ᠡᠷᠦᠬᠡ ᠶᠢᠨ ᠨᠢᠭᠡ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ ᠲᠠᠢ ᠲᠡᠩᠴᠡᠨ᠎ᠡ᠃    ᠲᠤᠰ ᠺᠣᠮᠫᠠᠨᠢ ᠤᠲᠤᠭ᠎ᠠ ᠪᠠᠷ ᠤᠰᠤ ᠲᠠᠲᠠᠬᠤ᠂ ᠳᠠᠮ ᠢᠶᠠᠷ ᠠᠭᠠᠷ ᠢᠶᠠᠷ ᠬᠥᠷᠥᠭᠡᠬᠦ᠂ ᠭᠦᠨᠴᠡ ᠪᠠᠷ ᠤᠷᠬᠢᠯ ᠢ ᠲᠣᠬᠢᠷᠠᠭᠤᠯᠬᠤ ᠵᠡᠷᠭᠡ ᠲᠡᠷᠢᠭᠦᠨ ᠤ ᠮᠡᠷᠭᠡᠵᠢᠯ ᠢ ᠬᠡᠷᠡᠭᠯᠡᠬᠦ ᠪᠠᠷ ᠳᠠᠮᠵᠢᠭᠤᠯᠤᠨ᠂ ᠪᠦᠬᠦ ᠦᠢᠯᠡᠳᠪᠦᠷᠢ ᠶᠢᠨ ᠤᠰᠤ ᠨᠥᠬᠦᠪᠦᠷᠢᠯᠡᠬᠦ᠂ ᠡᠨᠧᠷᠭᠢ ᠶᠢᠨ ᠬᠤᠷᠣᠭᠳᠠᠯ ᠪᠠᠭ᠎ᠠ ᠪᠠ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠬᠠᠷᠠᠯᠲᠠ ᠶᠢ ᠵᠢᠩᠬᠢᠨᠢ ᠪᠠᠷ ᠪᠡᠶᠡᠯᠡᠭᠦᠯᠬᠦ ᠪᠣᠯᠣᠨ᠎ᠠ᠃ ᠺᠣᠮᠫᠠᠨᠢ ᠶᠢᠨ ᠤᠲᠤᠭᠠᠨ ᠤ ᠤᠰᠤ ᠲᠠᠲᠠᠬᠤ ᠮᠡᠷᠭᠡᠵᠢᠯ ᠨᠢ ᠤᠰᠤᠨ ᠠᠭᠤᠷ ᠤᠨ ᠬᠠᠨᠤᠮᠠᠯ ᠬᠤᠪᠢᠶᠠᠷᠢ ᠳᠠᠷᠤᠯᠲᠠ ᠶᠢᠨ ᠹᠠᠰ ᠤᠨ ᠬᠤᠪᠢᠷᠠᠯᠲᠠ ᠶᠢᠨ ᠵᠢᠷᠤᠮᠯᠠᠯ ᠳᠤ ᠰᠠᠭᠤᠷᠢᠯᠠᠨ᠂ ᠤᠲᠤᠭᠠᠨ ᠤ ᠴᠠᠷᠴᠠᠯᠲᠠ ᠶᠢᠨ ᠤᠰᠤ ᠲᠠᠲᠠᠬᠤ ᠮᠡᠷᠭᠡᠵᠢᠯ ᠢ ᠪᠡᠶᠡᠯᠡᠭᠦᠯᠵᠦ᠂ ᠤᠲᠤᠭᠠᠨ ᠤ ᠳᠣᠲᠣᠷᠠᠬᠢ ᠤᠰᠤᠨ ᠠᠭᠤᠷ ᠤᠨ ᠬᠤᠪᠢᠶᠠᠷᠢ ᠳᠠᠷᠤᠯᠲᠠ ᠶᠢᠨ ᠹᠠᠰ ᠤᠨ ᠬᠤᠪᠢᠷᠠᠯ ᠤᠨ ᠴᠠᠷᠴᠠᠯᠲᠠ ᠶᠢᠨ ᠢᠯᠴᠢ ᠶᠢ ᠰᠣᠯᠢᠯᠴᠠᠬᠤ ᠮᠡᠷᠭᠡᠵᠢᠯ ᠢ ᠠᠰᠢᠭᠯᠠᠨ᠂ ᠤᠲᠤᠭᠠᠨ ᠤ ᠳᠤᠯᠠᠭᠠᠨ ᠢ ᠪᠠᠭᠤᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠲᠤᠭᠠᠨ ᠤ ᠳᠣᠲᠣᠷᠠᠬᠢ ᠤᠰᠤᠨ ᠠᠭᠤᠷ ᠢ ᠰᠢᠭᠦᠳᠡᠷᠢ ᠶᠢᠨ ᠴᠡᠭ ᠤᠨ ᠳᠤᠯᠠᠭᠠᠨ ᠤ ᠬᠡᠮᠵᠢᠶ᠎ᠡ ᠠᠴᠠ ᠳᠣᠣᠷ᠎ᠠ ᠪᠣᠯᠭᠠᠭᠰᠠᠨ ᠤ ᠳᠠᠷᠠᠭ᠎ᠠ ᠴᠠᠷᠴᠠᠭᠤᠯᠤᠨ ᠢᠯᠭᠠᠷᠠᠭᠤᠯᠵᠤ᠂ ᠤᠲᠤᠭᠠᠨ ᠤ ᠳᠣᠲᠣᠷᠠᠬᠢ ᠤᠰᠤᠨ ᠤ ᠠᠭᠤᠯᠤᠭᠳᠠᠴᠠ ᠶᠢ ᠥᠨᠳᠥᠷ ᠪᠦᠲᠦᠮᠵᠢᠲᠡᠶ ᠪᠠᠷ ᠡᠭᠡᠭᠦᠯᠦᠨ ᠬᠤᠷᠢᠶᠠᠬᠤ ᠶᠢ ᠪᠡᠶᠡᠯᠡᠭᠦᠯᠦᠨ᠎ᠡ᠃     ᠪᠠᠶᠠᠨᠬᠤᠸᠠ ᠠᠭᠤᠷᠬᠠᠢ ᠶᠢᠨ ᠠᠮᠠᠰᠠᠷ ᠤᠨ ᠴᠠᠬᠢᠯᠭᠠᠨ ᠭᠠᠷᠭᠠᠬᠤ ᠺᠣᠮᠫᠠᠨᠢ ᠶᠢᠨ ᠦᠢᠯᠡᠳᠪᠦᠷᠢᠯᠡᠯ ᠤᠨ ᠳᠡᠳ᠋ ᠶᠡᠷᠦᠩᠬᠡᠢ ᠳᠠᠭᠠᠭᠠᠮᠠᠯ    ᠸᠠᠩ ᠷᠦᠢ ᠳ᠋ᠦᠩ  ᠄ ︽ᠰᠢᠯᠢ ᠶᠢᠨ ᠭᠤᠣᠯ ᠠᠶᠢᠮᠠᠭ ᠤᠨ ᠭᠠᠵᠠᠷ ᠣᠷᠣᠨ ᠤ ᠥᠨᠳᠥᠷ ᠬᠦᠢᠲᠡᠨ ᠤᠰᠤ ᠳᠤᠲᠠᠭᠳᠠᠬᠤ᠂ ᠬᠦᠷᠡᠩ ᠨᠡᠭᠦᠷᠡᠰᠦᠨ ᠤ ᠤᠰᠤᠨ ᠤ ᠠᠭᠤᠯᠤᠭᠳᠠᠴᠠ ᠥᠨᠳᠥᠷ ᠪᠠᠶᠢᠬᠤ ᠣᠨᠴᠠᠯᠢᠭ  ᠲᠤ ᠴᠢᠭᠯᠡᠭᠦᠯᠦᠨ᠂ ᠮᠠᠨ ᠤ ᠦᠢᠯᠡᠳᠪᠦᠷᠢ ᠰᠢᠩᠭᠡᠭᠡᠬᠦ ᠰᠤᠪᠤᠷᠭ᠎ᠠ ᠶᠢᠨ ᠣᠷᠣᠢ ᠶᠢᠨ ᠬᠡᠰᠡᠭ ᠲᠤ ᠬᠤᠯᠢᠮᠠᠭ ᠮᠠᠶ᠋ᠢᠭ ᠤᠨ ᠤᠲᠤᠭᠠᠨ ᠤ ᠤᠰᠤ ᠲᠠᠲᠠᠬᠤ ᠲᠥᠬᠦᠭᠡᠷᠦᠮᠵᠢ ᠲᠣᠬᠢᠷᠠᠭᠤᠯᠵᠤ᠂ ᠳᠠᠮ ᠬᠥᠷᠥᠭᠡᠯᠲᠡ ᠶᠢᠨ ᠰᠤᠪᠤᠷᠭ᠎ᠠ  ᠲᠠᠢ ᠲᠣᠬᠢᠷᠠᠭᠤᠯᠤᠨ᠂ ᠤᠰᠤ ᠲᠠᠲᠠᠬᠤ ᠪᠠ ᠤᠰᠤ ᠠᠷᠪᠢᠯᠠᠬᠤ ᠬᠤᠣᠰ ᠠᠰᠢᠭᠯᠠᠮᠵᠢ ᠶᠢᠨ ᠵᠠᠭᠪᠤᠷ ᠢ ᠪᠣᠶ ᠪᠣᠯᠭᠠᠪᠠ᠃ ᠡᠨᠡ ᠬᠦ ᠮᠡᠷᠭᠡᠵᠢᠯ ᠢ ᠣᠷᠣᠭᠤᠯᠬᠤ ᠪᠠᠷ ᠳᠠᠮᠵᠢᠨ᠃ ᠵᠢᠯ ᠪᠦᠷᠢ ᠶᠢᠨ ᠤᠲᠤᠭᠠᠨ ᠤ ᠤᠰᠤᠨ ᠤ ᠬᠡᠮᠵᠢᠶ᠎ᠡ ᠶᠢ ᠬᠠᠮᠤᠭ ᠶᠡᠭᠡ ᠳᠡᠭᠡᠨ 163 ᠲᠦᠮᠡᠨ ᠲᠣᠨ ᠳᠤ ᠬᠦᠷᠭᠡᠵᠦ᠂ ᠮᠠᠨ ᠤ ᠦᠢᠯᠡᠳᠪᠦᠷᠢ ᠶᠢᠨ ᠰᠠᠷ᠎ᠠ ᠪᠦᠷᠢ ᠶᠢᠨ ᠤᠰᠤ ᠲᠠᠲᠠᠬᠤ ᠬᠡᠮᠵᠢᠶ᠎ᠡ ᠨᠢ 9.2 ᠲᠦᠮᠡᠨ ᠲᠣᠨ ᠳᠤ ᠬᠦᠷᠴᠦ᠂ ᠮᠠᠨ ᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ 807 ᠰᠠᠶ᠎ᠠ ᠸᠠᠲ ᠢ ᠬᠠᠰᠤᠬᠤ ᠦᠶ᠎ᠡ ᠳᠤ᠂ ᠪᠤᠳᠤᠵᠤ ᠭᠠᠷᠭᠠᠭᠰᠠᠨ ᠥᠪᠡᠷ ᠤᠨ ᠦᠷᠳᠡᠭ ᠨᠢ ᠲᠣᠨ ᠪᠦᠷᠢ ᠳᠡᠭᠡᠨ 6.66 ᠲᠥᠭᠦᠷᠢᠭ ᠲᠤ ᠬᠦᠷᠴᠡᠢ᠃ ᠵᠢᠱᠢᠯᠲᠡ ᠪᠠᠷ ᠵᠢᠯ ᠪᠦᠷᠢ ᠤᠰᠤᠨ ᠤ ᠥᠪᠡᠷ ᠤᠨ ᠥᠷᠲᠡᠭ ᠢ 599 ᠲᠦᠮᠡᠨ ᠲᠥᠭᠦᠷᠢᠭ ᠠᠷᠪᠢᠯᠠᠵᠤ᠂ ᠬᠤᠪᠣᠷ ᠨᠠᠨᠳᠢᠨ ᠤᠰᠤᠨ ᠤ ᠡᠬᠢ ᠪᠠᠶᠠᠯᠢᠭ ᠢ ᠠᠷᠪᠢᠯᠠᠭᠰᠠᠨ ᠢᠶᠠᠷ ᠪᠠᠷᠠᠬᠤ ᠦᠭᠡᠢ ᠪᠠᠰᠠ ᠴᠠᠬᠢᠯᠭᠠᠨ ᠭᠠᠷᠭᠠᠬᠤ ᠠᠰᠢᠭᠯᠠᠮᠵᠢ ᠶᠢ ᠳᠡᠭᠡᠭᠰᠢᠯᠡᠭᠦᠯᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠭᠰᠠᠨ ᠪᠠᠶᠢᠨ᠎ᠠ︾ ᠭᠡᠯ᠎ᠡ᠃     ᠰᠢᠯᠢ ᠶᠢᠨ ᠭᠤᠣᠯ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠬᠠᠩᠭᠠᠭᠰᠠᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠪᠣᠯᠲᠠᠯ᠎ᠠ᠂ ᠪᠥᠬᠦ ᠠᠶᠢᠮᠠᠭ ᠤᠨ ᠢᠯᠴᠢ ᠶᠢᠨ ᠴᠠᠬᠢᠯᠭᠠᠨ ᠪᠠ ᠢᠯᠴᠢ ᠴᠠᠬᠢᠯᠭᠠᠨ ᠤ ᠬᠤᠯᠪᠤᠭᠠᠯᠠᠨ ᠦᠢᠯᠡᠳᠪᠦᠷᠢᠯᠡᠬᠦ 8 ᠠᠵᠤ ᠠᠬᠤᠶᠢᠯᠠᠯ ᠲᠣᠰ ᠮᠡᠷᠭᠡᠵᠢᠯ ᠢ ᠬᠡᠷᠡᠭᠯᠡᠵᠦ᠂ ᠪᠥᠬᠦ ᠵᠢᠯ ᠤᠨ ᠤᠲᠤᠭ᠎ᠠ ᠶᠢᠨ ᠤᠰᠤᠨ ᠤ ᠬᠡᠮᠵᠢᠶ᠎ᠡ 660 ᠭᠠᠷᠤᠢ ᠲᠦᠮᠡᠨ ᠲᠣᠨ ᠳᠤ ᠭᠦᠷᠦᠭᠰᠡᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号