ᠪᠠᠷᠠᠭᠤᠨ ᠦᠵᠦᠮᠦᠴᠢᠨ ᠬᠤᠰᠢᠭᠤ ᠨᠢ ︽ᠦᠨᠳᠦᠰᠦᠲᠡᠨ ᠤ ᠪᠦᠯᠬᠦᠮᠳᠡᠯ + ᠮᠠᠯᠴᠢᠳ ᠠᠵᠤ ᠠᠬᠤᠶᠢᠯᠠᠯ ᠬᠠᠮᠲᠤ ᠪᠠᠷ | ᠪᠦᠲᠦᠭᠡᠨ ᠪᠠᠶᠢᠭᠤᠯᠬᠤ︾ ᠠᠵᠢᠯ ᠢ ᠪᠦᠳᠦᠮᠵᠢᠳᠠᠢ ᠠᠬᠢᠭᠤᠯᠤᠨ᠂ 8 ᠣᠷᠣᠨ ᠠᠶᠢᠮᠠᠭ᠂ ᠬᠤᠰᠢᠭᠤ ᠲᠠᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ 5 ᠵᠢᠱᠢᠶᠡᠴᠢ ᠬᠠᠮᠲᠤ ᠨᠢᠬᠡᠴᠠ | ᠶᠢ ᠲᠠᠶᠢᠴᠢᠯᠠᠨ ᠭᠦᠭᠵᠢᠬᠦᠯᠵᠦ᠂ ᠤᠷᠤᠨ ᠨᠤᠳᠤᠭ ᠤᠨ ᠦᠨᠳᠦᠰᠦᠲᠡᠨ ᠤ ᠪᠦᠯᠬᠦᠮᠳᠡᠯ ᠪᠣᠯᠣᠨ ᠮᠠᠯᠴᠢᠳ ᠤᠨ ᠤᠷᠤᠯᠭ᠎ᠠ | ᠶᠢᠨ ᠨᠡᠮᠡᠭᠳᠡᠯ ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠦ ᠪᠠᠶᠢᠨ᠎ᠠ᠃ | ᠬᠠᠢ ᠵᠸᠤ ᠵᠠᠳᠠᠭᠠᠢ ᠨᠡᠭᠦᠷᠡᠰᠦᠨ ᠠᠭᠤᠷᠬᠠᠢ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ | ᠺᠣᠮᠫᠠᠨᠢ᠂ ᠬᠤᠸᠡ ᠳ᠋ᠢᠶᠠᠨ᠂ ᠬᠤᠸᠡ ᠷᠦᠨ᠂ ᠵᠢᠩ ᠨᠧᠩ ᠵᠡᠷᠭᠡ ᠠᠵᠤ ᠠᠬᠤᠶᠢᠯᠠᠯ ᠨᠢ ᠲᠤᠬᠠᠢ ᠶᠢᠨ ᠭᠠᠵᠠᠷ ᠤᠨ | ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠨᠢᠭᠲᠠ ᠲᠦᠰᠢᠯᠴᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ | ᠰᠠᠶᠢᠨ ᠰᠠᠶᠢᠬᠠᠨ ᠰᠢᠨ᠎ᠡ ᠬᠠᠭᠤᠳᠠᠰᠤ ᠶᠢ ᠪᠢᠴᠢᠭᠯᠡᠪᠡ᠃ | ᠪᠠᠶᠠᠠᠬᠤᠸᠡ ᠠᠵᠤ ᠠᠬᠤᠢ ᠶᠢᠨ ᠨᠡᠬᠡᠬᠡᠯᠳᠠ ᠶᠢᠨ ᠲᠣᠭᠤᠷᠢᠭ ᠨᠢ ︽ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ | ᠨᠠᠮ ᠤᠨ ᠡᠭᠦᠷ + ᠶᠡᠷᠦᠩᠬᠡᠶᠢᠯᠡᠭᠰᠡᠨ ᠨᠠᠮ ᠤᠨ ᠬᠤᠷᠢᠶ᠎ᠠ + ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ + | ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ︾ ᠶᠢᠨ ᠰᠢᠨ᠎ᠡ ᠵᠠᠭᠪᠤᠷ ᠢ ᠰᠦᠪᠡᠭᠴᠢᠯᠡᠨ᠂ ᠪᠠᠷᠠᠭᠤᠨ ᠦᠵᠦᠮᠦᠴᠢᠨ | ᠬᠤᠰᠢᠭᠤ ︽ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠠᠵᠢᠯᠯᠠᠭ᠎ᠠ | ᠶᠢᠨ ᠲᠥᠰᠥᠯ︾᠂ ︽ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠭᠦᠭᠵᠢᠬᠦ ᠬᠡᠷᠡᠭᠵᠢᠭᠦᠯᠬᠦ ᠲᠥᠰᠥᠯ︾ | ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠠᠶᠢᠳᠠᠯᠠᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠴᠠ ᠦᠨᠳᠦᠰᠦᠲᠡᠨ ᠨᠦᠭᠦᠳ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠤᠨ ᠣᠷᠴᠢᠨ ᠨᠥᠬᠦᠴᠡᠯ ᠢ ᠪᠣᠶ ᠪᠤᠯᠠᠭᠠᠨ᠂ ᠪᠠᠶᠠᠠᠬᠤᠸᠡ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ | ᠪᠥᠬᠦ ᠲᠠᠯ᠎ᠠ ᠪᠠᠷ ᠲᠡᠭᠡᠭᠰᠢᠯᠡᠬᠦᠯᠦᠭᠰᠡᠨ ᠪᠠᠶᠢᠨ᠎ᠠ᠃ | ᠠᠵᠤ ᠠᠬᠤᠶᠢᠯᠠᠯ ᠤᠨ ᠵᠣᠬᠢᠶᠠᠨ ᠪᠠᠶᠢᠭᠤᠯᠤᠭᠰᠠᠨ ︽ᠨᠠᠮ ᠤᠨ ᠭᠡᠰᠢᠭᠦᠨ ᠤ ᠭᠠᠪᠰᠢᠭᠠᠢ ᠠᠩᠭᠢ︾ ᠰᠠᠶᠢᠨ ᠳᠤᠷ᠎ᠠ | ᠶᠢᠨ ᠦᠢᠯᠡᠴᠢᠯᠡᠭᠡᠨ ᠤ ᠠᠩᠭᠢ ᠵᠡᠷᠭᠡ ᠨᠢ ᠴᠠᠰᠤ ᠶᠢ ᠴᠡᠪᠡᠷᠯᠡᠵᠦ ᠵᠠᠮ ᠨᠡᠪᠲᠡᠷᠡᠭᠦᠯᠬᠦ᠂ ᠶᠠᠳᠠᠭᠤ ᠶᠢ ᠲᠡᠳᠬᠦᠵᠦ ᠰᠤᠷᠤᠯᠭ᠎ᠠ | ᠶᠢ ᠲᠡᠳᠬᠦᠬᠦ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠨᠡᠶᠢᠲᠡ 1000 ᠭᠠᠷᠤᠢ ᠲᠠᠯᠠᠪᠤᠷ ᠤᠳᠠᠭ᠎ᠠ | ᠦᠷᠨᠢᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠮᠰᠢᠭ ᠠᠴᠠ ᠠᠪᠤᠷᠠᠨ ᠲᠤᠰᠠᠯᠠᠬᠤ᠂ ᠲᠦᠷᠦᠯ | ᠵᠦᠢᠯ ᠤᠨ ᠬᠠᠮᠲᠤᠷᠠᠯᠴᠠᠭ᠎ᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠳᠡ 5 ᠳ᠋ᠦᠩᠰᠢᠭᠤᠷ ᠲᠥᠭᠦᠷᠢᠭ ᠤᠨ | ᠪᠡᠯᠡ ᠮᠥᠩᠭᠦ ᠣᠷᠣᠭᠤᠯᠵᠤ᠂ 6 ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠲᠡᠳᠬᠦᠨ ᠪᠠᠶᠢᠭᠤᠯᠵᠤ᠂ | ᠮᠠᠯᠵᠢᠬᠤ ᠣᠷᠣᠨ ᠤ ᠤᠯᠠᠨ ᠲᠦᠮᠡᠨ ᠤ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠠᠵᠤ ᠠᠬᠤᠶᠢᠯᠠᠯ᠂ ᠬᠠᠮᠲᠤ | ᠨᠡᠶᠢᠳᠡ ᠪᠣᠯᠣᠨ ᠮᠠᠯᠴᠢᠳ ᠤᠯᠠᠨ ᠲᠠᠯ᠎ᠠ ᠪᠠᠷ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ | ᠪᠤᠢ ᠪᠣᠯᠭᠠᠪᠠ᠃ | ᠠᠷᠪᠠ ᠭᠠᠷᠤᠢ ᠵᠢᠯ ᠤᠨ ᠲᠤᠷᠰᠢ᠂ ᠪᠠᠶᠠᠠᠬᠤᠸᠡ ᠬᠠᠢ ᠵᠧᠦ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ | ᠺᠣᠮᠫᠠᠨᠢ ᠤᠷᠢᠳ ᠬᠤᠵᠢᠳ 1.8 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠵᠤ ᠠᠭᠤᠷᠬᠠᠢ ᠶᠢᠨ ᠣᠷᠣᠨ ᠤ | ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ᠂ ᠪᠡᠯᠡ ᠮᠥᠩᠭᠦ ᠪᠠᠷ ᠰᠤᠷᠤᠯᠭ᠎ᠠ ᠶᠢ ᠲᠡᠳᠬᠦᠬᠦ᠂ ᠵᠠᠮ ᠵᠠᠰᠠᠨ ᠬᠠᠮᠠᠭᠠᠯᠠᠬᠤ ᠵᠡᠷᠭᠡ | ᠠᠵᠢᠯ ᠬᠠᠮᠲᠤᠷᠠᠨ ᠪᠠᠶᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ | ᠨᠡᠮᠡᠷᠢᠯᠡᠪᠡ᠃ | ᠪᠥᠬᠦ ᠬᠤᠰᠢᠭᠤᠨ ᠤ ᠡᠯ᠎ᠡ ᠲᠣᠮᠣ ᠠᠵᠤ ᠠᠬᠤᠶᠢᠯᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠭᠤᠣᠯ ᠰᠡᠳᠦᠪᠲᠦ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠣᠷᠳᠣᠨ᠂ ᠨᠣᠮ ᠪᠢᠴᠢᠭ ᠤᠨ ᠪᠤᠯᠤᠩ᠂ | ᠰᠣᠶᠣᠯ ᠤᠨ ᠬᠡᠷᠡᠮ ᠵᠡᠷᠭᠡ ᠶᠢ ᠨᠠᠷᠢᠨ ᠨᠢᠮᠪᠠᠢ ᠴᠣᠭᠴᠠᠯᠠᠨ ᠪᠠᠶᠢᠭᠤᠯᠵᠤ᠂ ︽ᠢᠨᠲ᠋ᠧᠷ ᠰᠦᠯᠵᠢᠶ᠎ᠡ + ᠦᠨᠳᠦᠰᠦᠲᠡᠨ ᠤ | ᠪᠦᠯᠬᠦᠮᠳᠡᠯ︾᠂ ᠲᠡᠷᠢᠭᠦᠨ ᠤ ᠨᠡᠶᠢᠲᠡᠯᠢᠭ ᠵᠢᠱᠢᠶᠡᠨ ᠤ ᠤᠬᠠᠭᠤᠯᠭ᠎ᠠ ᠵᠡᠷᠭᠡ ᠠᠵᠢᠯᠯᠠᠭ᠎ᠠ ᠶᠢ ᠥᠷᠨᠢᠭᠦᠯᠵᠦ᠂ ᠡᠯ᠎ᠡ | ᠦᠨᠳᠦᠰᠦᠲᠡᠨ ᠤ ᠠᠵᠢᠯᠲᠠᠨ ᠠᠵᠢᠯᠴᠢᠨ ᠤ ᠬᠠᠷᠢᠯᠴᠠᠨ ᠰᠣᠷᠣᠯᠴᠠᠬᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠢ ᠪᠥᠬᠦ | ᠬᠦᠴᠦᠨ ᠢᠶᠠᠷ ᠢᠶᠠᠨ ᠪᠣᠶ ᠪᠣᠯᠭᠠᠵᠤ᠂ ᠡᠯ᠎ᠠ ᠦᠨᠳᠣᠰᠣᠳᠠᠨ ᠤ ᠤᠯᠠᠨ ᠲᠦᠮᠠᠨ ᠤ ᠪᠦᠯᠬᠦᠮᠳᠠᠯ ᠨᠢᠭᠳᠠᠷᠠᠯ ᠢ ᠠᠬᠢᠭᠤᠯᠪᠠ᠃ |