| | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ 4 ᠰᠠᠷ᠎ᠠ ᠶᠢᠨ 1 ᠤ ᠡᠳᠦᠷ | ᠬᠡᠪᠯᠡᠭᠳᠡᠬᠦ 7 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠤᠨ ᠭᠠᠷᠭᠠᠵᠤ᠂ 2035 ᠣᠨ | ᠪᠤᠯᠳᠠᠯ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠡᠮᠡᠴᠡᠯ ᠤᠨ | ᠬᠠᠷᠠᠯᠲᠠ ᠶᠢ ᠲᠣᠭᠲᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠠᠬᠢᠭᠤᠯᠵᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ | ᠴᠢᠬᠤᠯᠠᠴᠢᠯᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠢ ᠬᠥᠭᠵᠢᠭᠦᠯᠬᠦ | ᠦᠢᠯᠡᠳᠦᠯᠭᠡ ᠳᠤᠮᠳᠠ᠂ ᠪᠢᠳᠡ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠮᠠᠰᠢ ᠤᠯᠠᠨ ᠴᠢᠬᠤᠯᠠ ᠲᠤᠷᠰᠢᠯᠭ᠎ᠠ ᠶᠢ ᠬᠤᠷᠠᠮᠳᠤᠭᠤᠯᠵᠠᠢ᠃ ᠡᠭᠦᠨ ᠳᠤ ᠭᠤᠣᠯᠳᠠᠭᠤ᠄ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ︽ᠳᠥᠷᠪᠡ ᠳᠤ ᠬᠠᠨᠳᠤᠬᠤ︾ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠠᠬᠢᠭᠤᠯᠬᠤ ᠶᠢ ᠪᠠᠷᠢᠮᠲᠠᠯᠠᠵᠤ᠂ | ᠰᠢᠨ᠎ᠡ ᠶᠢ ᠡᠭᠦᠳᠬᠦ ᠰᠣᠶᠣᠯ ᠢ ᠪᠣᠶᠢᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡ | ᠬᠢᠵᠦ ᠬᠠᠮᠲᠤᠷᠠᠯᠴᠠᠨ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠶᠢ ᠪᠠᠷᠢᠮᠲᠠᠯᠠᠪᠠ᠃ ᠡᠳᠡᠭᠡᠷ ᠲᠤᠷᠰᠢᠯᠭ᠎ᠠ ᠪᠣᠯ | ᠲᠤᠶᠢᠯ ᠤᠨ ᠡᠷᠬᠢᠮ ᠨᠠᠨᠳᠢᠨ ᠶᠤᠮ᠂ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠶᠢᠨ ᠬᠠᠮᠲᠤ᠂ ᠦᠢᠯᠡᠳᠦᠯᠭᠡ ᠶᠢᠨ | ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠬᠤ | ᠬᠡᠷᠡᠭᠲᠡᠢ᠃ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ | ᠪᠠᠶᠢᠷᠢ ᠰᠠᠭᠤᠷᠢ ᠪᠣᠯᠣᠨ ᠦᠨᠳᠦᠰᠦᠨ ᠲᠤᠯᠭᠠᠭᠤᠷᠢᠯᠠᠯ ᠤᠨ ᠦᠢᠯᠡᠳᠦᠯ ᠢ ᠭᠦᠢᠴᠡᠳ ᠲᠠᠨᠢᠵᠤ᠂ 2035 ᠣᠨ ᠪᠤᠯᠳᠠᠯ᠎ᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠶᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠲᠥᠰᠥᠪᠯᠡᠬᠦ ᠪᠠᠨ | ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠨᠢ ᠡᠷᠬᠡᠪᠰᠢ ᠳᠣᠣᠷᠠᠬᠢ ᠦᠨᠳᠦᠰᠦᠨ ᠡᠯᠧᠮᠧᠨ᠋ᠲ ᠢ ᠪᠦᠷᠢᠯᠳᠦᠭᠦᠯᠬᠦ | ᠬᠡᠷᠡᠭᠲᠡᠢ᠄ ᠨᠢᠭᠡ ᠳᠤ ᠬᠦᠴᠦᠷᠬᠡᠭ ᠶᠡᠭᠡ ᠰᠠᠭᠤᠷᠢ ᠰᠤᠳᠤᠯᠭᠠᠨ ᠪᠠ ᠤᠤᠭᠠᠯ ᠰᠢᠨ᠎ᠡ ᠶᠢ ᠡᠭᠦᠳᠬᠦ ᠴᠢᠳᠠᠪᠤᠷᠢ ᠲᠠᠢ ᠪᠠᠶᠢᠵᠤ᠂ | ᠴᠢᠬᠤᠯᠠ ᠶᠡᠭᠡ ᠤᠤᠭᠠᠯ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠤᠢ ᠪᠣᠯᠭᠠᠨ᠎ᠠ᠃ ᠬᠤᠶᠠᠷ ᠲᠤ ᠬᠦᠴᠦᠷᠬᠡᠭ ᠶᠡᠭᠡ ᠵᠠᠩᠭᠢᠯᠠᠭ᠎ᠠ ᠶᠢᠨ | ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠴᠢᠳᠠᠪᠤᠷᠢ ᠲᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠪᠣᠯᠣᠨ | ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠬᠦᠴᠦᠲᠡᠢ ᠲᠤᠯᠭᠠᠭᠤᠷᠢᠯᠠᠨ᠎ᠠ᠃ ᠭᠤᠷᠪᠠ ᠳᠤ ᠬᠦᠴᠦᠷᠬᠡᠭ ᠶᠡᠭᠡ | ᠳᠡᠯᠡᠬᠡᠢ ᠶᠢᠨ ᠨᠥᠯᠥᠭᠡᠯᠡᠬᠦ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠪᠠᠶᠢᠵᠤ᠂ ᠳᠡᠯᠡᠬᠡᠢ ᠶᠢᠨ ᠴᠢᠬᠤᠯᠠ | ᠰᠢᠨᠵᠢᠯᠡᠬᠦ ᠤᠬᠠᠭᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠴᠣᠭᠴᠠᠯᠠᠨ᠎ᠠ᠃ ᠳᠥᠷᠪᠡ ᠳᠤ ᠥᠨᠳᠥᠷ ᠲᠦᠪᠰᠢᠨ | ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠴᠤᠭᠯᠠᠷᠠᠭᠤᠯᠬᠤ ᠬᠦᠴᠦᠷᠬᠡᠭ | ᠶᠡᠭᠡ ᠴᠢᠳᠠᠪᠤᠷᠢ ᠲᠠᠢ ᠪᠠᠶᠢᠵᠤ᠂ ᠳᠡᠯᠡᠬᠡᠢ ᠶᠢᠨ ᠣᠷᠣᠶᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠪᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠤᠨ᠎ᠠ᠃ ᠲᠠᠪᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠲᠠᠢ ᠪᠠᠶᠢᠵᠤ᠂ ᠳᠡᠯᠡᠬᠡᠢ ᠶᠢᠨ ᠲᠡᠷᠢᠭᠦᠨ ᠤ ᠰᠢᠨ᠎ᠡ ᠶᠢ | ᠡᠭᠦᠳᠬᠦ ᠠᠮᠢ ᠠᠬᠤᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠢ ᠪᠦᠷᠢᠯᠳᠦᠭᠦᠯᠦᠨ᠎ᠡ ᠭᠡᠵᠦ | ᠵᠢᠭᠠᠵᠤ ᠭᠠᠷᠭᠠᠪᠠ᠃ | ᠵᠣᠬᠢᠶᠠᠯ ᠳᠤ᠂ ︽ᠰᠢᠷᠭᠠᠭᠤ ᠬᠠᠲᠠᠭᠤᠵᠢᠯᠲᠠᠢ ᠲᠡᠮᠡᠴᠡᠬᠦ︾ ᠡᠷᠡᠰ ᠪᠠᠲᠤ ᠵᠣᠷᠢᠭ ᠪᠣᠯᠣᠨ ᠬᠠᠳᠠᠨ ᠵᠣᠷᠢᠭ ᠢᠶᠠᠷ | ᠥᠷᠯᠥᠭᠡ ᠦᠳᠡᠰᠢ ᠶᠢ ᠲᠡᠮᠡᠴᠡᠨ ᠰᠢᠷᠭᠠᠭᠤ ᠠᠵᠢᠯᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠯᠠᠪᠳᠠᠭᠤᠨ ᠪᠠᠲᠤᠲᠠᠢ ᠪᠡᠶᠡᠯᠡᠭᠦᠯᠬᠦ ᠬᠡᠷᠡᠭᠲᠡᠢ᠃ | ᠨᠢᠭᠡᠳᠦᠭᠡᠷ ᠲᠤ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠲᠦᠷᠭᠡᠳᠬᠡᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ | ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠡᠯ᠎ᠡ ᠲᠠᠯ᠎ᠠ ᠶᠢᠨ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ | ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠭᠦ | ᠬᠡᠷᠡᠭᠲᠡᠢ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠠᠭᠤᠰᠤᠯᠴᠠᠬᠤ ᠶᠢᠨ ᠰᠠᠭᠤᠷᠢ ᠨᠢ | ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢ ᠨᠡᠮᠡᠭᠳᠡᠭᠦᠯᠬᠦ ᠶᠠᠪᠤᠳᠠᠯ ᠪᠣᠯᠣᠨ᠎ᠠ᠂ | ᠠᠭᠤᠰᠤᠯᠴᠠᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠶᠠᠪᠤᠳᠠᠯ ᠪᠣᠯᠣᠨ᠎ᠠ᠂ ᠠᠭᠤᠰᠤᠯᠴᠠᠬᠤ ᠶᠢᠨ ᠠᠷᠭ᠎ᠠ ᠵᠠᠮ | ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠬᠤ | ᠶᠠᠪᠤᠳᠠᠯ ᠪᠣᠯᠣᠨ᠎ᠠ᠃ ᠭᠤᠷᠪᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ | ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ | ᠪᠠ ᠬᠦᠴᠦᠨ ᠢ ᠵᠣᠬᠢᠶᠠᠨ ᠪᠠᠶᠢᠭᠤᠯᠬᠤ ᠶᠢ ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠯᠠᠭ᠎ᠠ ᠶᠢᠨ ᠵᠢᠮ᠎ᠡ ᠶᠣᠰᠣᠨ ᠳᠤ ᠨᠡᠶᠢᠴᠡᠬᠦ ᠲᠦᠷᠦᠯ ᠬᠤᠪᠢᠶᠠᠨ ᠦᠨᠡᠯᠡᠬᠦ ᠰᠢᠰᠲ᠋ᠧᠮ ᠪᠠ ᠬᠢᠨᠠᠨ ᠰᠢᠯᠭᠠᠬᠤ | ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ᠂ ᠣᠷᠣᠯᠭ᠎ᠠ ᠶᠢᠨ | ᠬᠤᠪᠢᠶᠠᠷᠢᠯᠠᠯᠲᠠ᠂ ᠦᠷ᠎ᠡ ᠪᠦᠲᠦᠭᠡᠯ ᠤᠨ ᠡᠷᠬᠡ ᠣᠯᠭᠤᠬᠤ ᠵᠡᠷᠭᠡ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ | ᠃ ᠳᠥᠷᠪᠡᠳᠦᠭᠡᠷ ᠲᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠤ ᠦᠢᠯᠡᠰ ᠤᠨ | ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠳᠠᠪᠤᠷᠢᠲᠠᠨ ᠤ ᠥᠷᠢᠰᠦᠯᠳᠦᠭᠡᠨ ᠤ ᠳᠠᠪᠠᠭᠤᠯᠢᠭ ᠢ ᠪᠤᠢ | ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠤ ᠪᠠᠶᠢᠭᠤᠯᠤᠯ | ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠪᠴᠢᠶ᠎ᠡ ᠪᠠᠷ ᠯᠤᠲᠤ ᠶᠡᠭᠡ᠂ | ᠪᠦᠲᠦᠴᠡ ᠨᠢ ᠵᠦᠢ ᠵᠣᠬᠢᠰᠲᠠᠢ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ ᠰᠢᠨ᠎ᠡ ᠶᠢ ᠡᠭᠦᠳᠬᠦ ᠭᠡᠯᠪᠡᠷᠢ ᠶᠢᠨ | ᠴᠢᠳᠠᠪᠤᠷᠢᠲᠠᠨ ᠤ ᠡᠩᠨᠡᠭᠡ ᠶᠢ ᠲᠦᠷᠭᠡᠳᠬᠡᠨ ᠬᠥᠮᠥᠵᠢᠭᠦᠯᠦᠨ ᠪᠤᠶ ᠪᠤᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠪᠠᠷ ᠵᠢᠯᠣᠭᠤᠳᠤᠮᠵᠢ ᠪᠤᠯᠭᠠᠬᠤ ᠶᠢ ᠪᠠᠷᠢᠮᠲᠠᠯᠠᠵᠤ᠂ ᠤᠯᠤᠰ ᠤᠨ ᠪᠠᠶᠢᠯᠳᠤᠬᠤ | ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ | ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠶᠢ ᠲᠤᠪᠤᠶᠢᠯᠭᠠᠬᠤ | ᠬᠡᠷᠡᠭᠲᠡᠢ᠃ ᠲᠠᠪᠤᠳᠤᠭᠠᠷ ᠲᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡᠲᠤ | ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ | ᠲᠣᠣᠷ ᠲᠤ ᠢᠳᠡᠪᠬᠢᠲᠡᠢ ᠠᠭᠤᠰᠤᠯᠴᠠᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠤ ᠪᠤᠳᠠᠭᠠᠨ ᠤ ᠠᠮᠤᠷ ᠲᠦᠪᠰᠢᠨ᠂ | ᠡᠨᠧᠷᠭᠢ ᠶᠢᠨ ᠠᠮᠤᠷ ᠲᠦᠪᠰᠢᠨ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠮᠥᠨ ᠲᠥᠷᠥᠯᠬᠢᠲᠡᠨ ᠳᠤ ᠨᠡᠩ ᠰᠠᠶᠢᠨ ᠪᠤᠶᠠᠨ ᠦᠢᠯᠡᠳᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠵᠣᠬᠢᠶᠠᠯ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ | ᠪᠦᠭᠦ ᠨᠠᠮ ᠪᠦᠭᠦ ᠤᠯᠤᠰ ᠤᠨ ᠬᠠᠮᠲᠤ ᠶᠢᠨ ᠬᠠᠷᠢᠭᠤᠴᠠᠯᠭ᠎ᠠ ᠮᠥᠨ᠃ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ | ᠡᠷᠴᠢ ᠵᠣᠷᠢᠭ ᠢᠶᠠᠨ ᠭᠦᠢᠴᠡᠳ ᠬᠥᠪᠴᠢᠯᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠪᠦᠯᠬᠦᠮᠳᠡᠨ ᠲᠡᠮᠡᠴᠡᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ | ᠡᠷᠡᠯᠬᠡᠭᠯᠡᠨ ᠤᠷᠤᠭᠰᠢᠯᠠᠬᠤ ᠬᠡᠷᠡᠭᠲᠡᠢ︕ ᠭᠡᠵᠦ ᠵᠢᠭᠠᠵᠤ ᠭᠠᠷᠭᠠᠪᠠ᠃ |