ᠪᠠᠷᠠᠭᠤᠨ ᠦᠵᠦᠮᠦᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠳᠦᠯᠦ︾ ᠬᠤᠨᠳᠠᠭᠠᠲᠤ ᠪᠠᠭᠠᠴᠤᠳ ᠬᠡᠣᠬᠡᠳ ᠤᠨ ᠬᠥᠯ ᠪᠦᠮᠪᠦᠭᠡᠨ ᠤᠷᠤᠯᠳᠤᠭᠠᠨ ᠠᠮᠵᠢᠯᠲᠠᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/4/11
      4 ᠰᠠᠷ᠎ᠠ ᠶᠢᠨ 4 - 6 ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠳᠦᠯᠦ︾ ᠬᠤᠨᠳᠠᠭᠠᠲᠤ ᠪᠠᠭᠠᠴᠤᠳ ᠬᠡᠣᠬᠡᠳ ᠤᠨ ᠲᠠᠪᠤᠨ ᠬᠥᠮᠥᠨ ᠤ ᠳᠦᠷᠢᠮᠲᠦ ᠬᠥᠯ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠣᠷᠳᠣᠨ ᠳᠤ ᠶᠠᠪᠤᠭᠳᠠᠪᠠ᠃
     ᠲᠤᠰ ᠣᠳᠠᠭᠠᠨ ᠤ ᠤᠷᠤᠯᠳᠤᠭᠠᠨ ᠢ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠺᠯᠦ᠋ᠪ ᠠᠴᠠ ᠳᠠᠭᠠᠭᠠᠴᠢᠯᠠᠨ ᠡᠷᠬᠢᠯᠡᠵᠦ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠭᠵᠢᠯᠲᠡ ᠶᠢ  ᠠᠬᠢᠭᠤᠯᠬᠤ ᠳᠤ ᠬᠦᠴᠦᠨ ᠨᠡᠮᠡᠷᠢᠯᠡᠵᠤ᠂ ᠬᠥᠯ ᠪᠥᠮᠪᠦᠭᠡ ᠳᠤ ᠪᠠᠭ᠋ᠠᠲᠠᠢ ᠵᠠᠯᠠᠭᠤᠴᠤᠳ ᠪᠠᠭᠠᠴᠤᠳ ᠲᠤ ᠮᠡᠷᠭᠡᠵᠢᠯ ᠪᠤᠯᠪᠠᠰᠣᠷᠠᠯ ᠢᠶᠠᠨ ᠰᠣᠷᠢᠵᠤ᠂ ᠬᠠᠷᠢᠯᠴᠠᠨ ᠰᠣᠷᠣᠯᠴᠠᠬᠤ ᠲᠠᠪᠴᠠᠩ ᠬᠠᠩᠭᠠᠬᠤ ᠪᠠᠷ ᠵᠣᠷᠢᠯᠭ᠎ᠠ  ᠪᠤᠯᠭᠠᠵᠠᠢ᠃     ᠤᠷᠤᠯᠳᠤᠭᠠᠨ ᠨᠢ ᠬᠡᠦᠬᠡᠳ ᠤᠨ ᠴᠡᠴᠡᠷᠯᠢᠭ ᠤᠨ ᠳᠤᠭᠤᠶᠢᠯᠠᠩ᠂ 7-8  ᠨᠠᠰᠣᠨ ᠤ ᠳᠤᠭᠤᠶᠢᠯᠠᠩ᠂ 9 -10 ᠨᠠᠰᠤᠨ ᠤ ᠳᠤᠭᠤᠶᠢᠯᠠᠩ ᠵᠡᠷᠭᠡ ᠭᠤᠷᠪᠠᠨ ᠳᠤᠭᠤᠶᠢᠯᠠᠩ ᠬᠤᠪᠢᠶᠠᠨ ᠶᠠᠪᠤᠭᠳᠠᠵᠤ᠂ ᠰᠢᠯᠢᠩᠬᠤᠲᠠ᠂ ᠵᠡᠭᠦᠨ ᠦᠵᠦᠮᠦᠴᠢᠨ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠥᠨᠢᠳ ᠵᠡᠭᠦᠨ ᠬᠤᠰᠢᠭᠤ᠂ ᠪᠠᠭᠠᠷᠢᠨ ᠵᠡᠭᠦᠨ ᠬᠤᠰᠢᠭᠤ ᠵᠡᠷᠭᠡ ᠭᠠᠵᠠᠷ ᠣᠷᠣᠨ ᠤ 200 ᠭᠠᠷᠤᠢ ᠪᠠᠭᠠᠴᠤᠳ ᠬᠡᠣᠬᠡᠳ ᠢᠳᠡᠪᠬᠢᠲᠡᠢ ᠣᠷᠣᠯᠴᠠᠵᠤ᠂ ᠰᠢᠨ᠎ᠡ ᠴᠠᠭ ᠦᠶ᠎ᠡ ᠶᠢᠨ ᠵᠠᠯᠠᠭᠤᠴᠣᠳ ᠪᠠᠭᠠᠴᠤᠳ ᠤᠨ ᠢᠳᠡᠪᠬᠢᠲᠡᠢ ᠪᠠᠷ ᠤᠷᠤᠭᠰᠢᠯᠠᠨ ᠳᠠᠪᠰᠢᠬᠤ᠂ ᠪᠦᠯᠬᠦᠮᠳᠡᠨ ᠬᠠᠮᠵᠢᠯᠴᠠᠬᠤ ᠪᠡᠶ᠎ᠡ ᠲᠠᠮᠢᠷ ᠤᠨ ᠵᠣᠷᠢᠭ ᠰᠠᠨᠠᠭ᠎ᠠ  ᠶᠢ ᠭᠦᠢᠴᠡᠳ  ᠬᠠᠷᠠᠭᠤᠯᠤᠭᠰᠠᠨ ᠪᠠᠶᠢᠨ᠎ᠠ᠃     ᠲᠤᠰ ᠣᠳᠠᠭᠠᠨ ᠤ ᠬᠥᠯ ᠪᠦᠮᠪᠦᠭᠡᠨ ᠤᠷᠤᠯᠳᠤᠭᠠᠨ ᠤ ᠠᠮᠵᠢᠯᠲᠠᠲᠠᠢ ᠶᠠᠪᠤᠭᠳᠠᠭᠰᠠᠨ ᠨᠢ ᠬᠡᠦᠬᠡᠳ ᠪᠠᠭᠠᠴᠣᠳ ᠤᠨ ᠬᠢᠴᠢᠶᠡᠯ ᠤᠨ ᠭᠠᠳᠠᠨᠠᠬᠢ ᠪᠡᠶ᠎ᠡ ᠲᠠᠮᠢᠷ ᠤᠨ ᠬᠥᠳᠡᠯᠭᠡᠭᠡᠨ ᠤ ᠠᠭᠤᠯᠭ᠎ᠠ ᠶᠢ ᠪᠠᠶᠠᠯᠢᠭᠵᠢᠭᠤᠯᠵᠤ᠂ ᠠᠮᠠᠷᠠᠯᠲᠠ ᠶᠢᠨ ᠬᠤᠭᠤᠴᠠᠭ᠎ᠠ ᠪᠠᠨ ᠤᠳᠬ᠎ᠠ ᠠᠭᠤᠯᠭ᠎ᠠ ᠲᠠᠢ ᠦᠩᠭᠡᠷᠡᠭᠦᠯᠬᠦ ᠳᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠪᠠᠰᠠ ᠡᠯ᠎ᠡ ᠭᠠᠵᠠᠷ ᠣᠷᠣᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ  ᠠᠬᠢᠭᠤᠯᠤᠭᠰᠠᠨ ᠪᠠᠶᠢᠨ᠎ᠠ᠃     ᠣᠷᠣᠯᠳᠣᠭᠠᠨ ᠢᠶᠠᠷ ᠳᠠᠮᠵᠢᠨ᠂ ᠰᠢᠯᠢ ᠶᠢᠨ ᠬᠤᠲᠠ ᠶᠢᠨ ᠬᠦᠴᠦᠨᠳᠦᠷ ᠬᠥᠯ ᠪᠦᠮᠪᠦᠭᠡᠨ ᠺᠯᠦ᠋ᠪ ᠬᠡᠦᠬᠡᠳ ᠤᠨ ᠴᠡᠴᠡᠷᠯᠢᠭ ᠤᠨ ᠳᠤᠭᠤᠶᠢᠯᠠᠩ ᠤᠨ ᠨᠢᠭᠡᠳᠦᠭᠡᠷ ᠨᠡᠷ᠎ᠡ  ᠳᠤ ᠳᠣᠳᠣᠷᠠᠵᠤ᠂ ᠪᠠᠷᠠᠭᠤᠨ ᠦᠵᠦᠮᠦᠴᠢᠨ ᠬᠤᠰᠢᠭᠤᠨ ᠤ ᠳᠦᠯᠦ ᠬᠥᠯ ᠪᠦᠮᠪᠦᠭᠡᠨ ᠺᠯᠦ᠋ᠪ ᠬᠤᠶᠠᠳᠣᠭᠠᠷ ᠨᠡᠷ᠎ᠡ ᠳᠤ  ᠣᠷᠣᠵᠣ᠂  ᠰᠢᠯᠢ ᠶᠢᠨ ᠬᠤᠲᠠ  ᠶᠢᠨ ᠯᠠᠨ ᠲᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠺᠯᠦ᠋ᠪ ᠭᠤᠷᠪᠠᠳᠣᠭᠠᠷ ᠨᠡᠷ᠎ᠡ ᠳᠤ ᠣᠷᠣᠵᠠᠢ᠃ ᠵᠡᠭᠦᠨ ᠦᠵᠦᠮᠦᠴᠢᠨ ᠬᠤᠰᠢᠭᠤᠨ ᠤ ᠤᠷᠢ ᠬᠥᠯ ᠪᠦᠮᠪᠦᠭᠡᠨ ᠺᠯᠦ᠋ᠪ 7-8 ᠨᠠᠰᠣᠨ ᠤ ᠳᠤᠭᠤᠶᠢᠯᠠᠩ ᠤᠨ ᠨᠢᠭᠡᠳᠦᠭᠡᠷ ᠨᠡᠷ᠎ᠡ ᠳᠤ ᠲᠤᠳᠤᠷᠠᠵᠤ᠂ ᠪᠠᠷᠠᠭᠤᠨ ᠦᠵᠦᠮᠦᠴᠢᠨ ᠬᠤᠰᠢᠭᠤᠨ ᠤ ᠳᠦᠯᠦ ᠬᠥᠯ ᠪᠦᠮᠪᠦᠭᠡᠨ ᠺᠯᠦ᠋ᠪ ᠬᠤᠶᠠᠳᠣᠭᠠᠷ ᠨᠡᠷ᠎ᠡ ᠳᠤ  ᠣᠷᠣᠵᠣ᠂  ᠰᠢᠯᠢ ᠶᠢᠨ ᠬᠤᠲᠠ ᠶᠢᠨ ᠰᠧ ᠴᠣᠸᠠᠩ ᠭᠧ ᠡᠯ ᠺᠯᠦ᠋ᠪ ᠭᠤᠷᠪᠠᠳᠣᠭᠠᠷ ᠨᠡᠷ᠎ᠡ ᠳᠤ ᠣᠷᠣᠵᠠᠢ᠃ ᠵᠡᠭᠦᠨ ᠦᠵᠦᠮᠦᠴᠢᠨ ᠬᠤᠰᠢᠭᠤᠨ ᠤ ᠤᠷᠢ ᠬᠥᠯ ᠪᠦᠮᠪᠦᠭᠡᠨ ᠺᠯᠦ᠋ᠪ 9 - 10 ᠨᠠᠰᠤᠨ ᠤ ᠳᠤᠭᠤᠶᠢᠯᠠᠩ ᠤᠨ ᠨᠢᠭᠡᠳᠦᠭᠡᠷ ᠨᠡᠷ᠎ᠡ ᠳᠤ ᠲᠤᠳᠤᠷᠠᠵᠤ᠂ ᠰᠢᠯᠢ ᠶᠢᠨ ᠬᠤᠲᠠ ᠶᠢᠨ ᠬᠦᠴᠦᠨᠳᠦᠷ ᠬᠥᠯ ᠪᠦᠮᠪᠦᠭᠡᠨ ᠺᠯᠦ᠋ᠪ ᠬᠤᠶᠠᠳᠣᠭᠠᠷ ᠨᠡᠷ᠎ᠡ ᠳᠤ  ᠣᠷᠣᠵᠣ᠂  ᠰᠥᠨᠢᠳ ᠵᠡᠭᠦᠨ ᠬᠤᠰᠢᠭᠤᠨ ᠤ ᠬᠥᠯ ᠪᠦᠮᠪᠦᠭᠡᠨ ᠺᠯᠦ᠋ᠪ  ᠭᠤᠷᠪᠠᠳᠣᠭᠠᠷ ᠨᠡᠷ᠎ᠡ ᠳᠤ ᠣᠷᠣᠵᠠᠢ᠃
ᠨᠢᠭᠡᠳᠦᠭᠡᠷ ᠨᠡᠷ᠎ᠡ  ᠳᠤ᠄ ᠰᠢᠯᠢ ᠶᠢᠨ ᠬᠤᠲᠠ ᠶᠢᠨ ᠬᠦᠴᠦᠨᠳᠦᠷ ᠬᠥᠯ ᠪᠦᠮᠪᠦᠭᠡᠨ ᠺᠯᠦ᠋ᠪ ᠬᠡᠦᠬᠡᠳ ᠤᠨ ᠴᠡᠴᠡᠷᠯᠢᠭ ᠤᠨ ᠳᠤᠭᠤᠶᠢᠯᠠᠩ
ᠬᠤᠶᠠᠳᠣᠭᠠᠷ ᠨᠡᠷ᠎ᠡ ᠳᠤ᠄ ᠪᠠᠷᠠᠭᠤᠨ ᠦᠵᠦᠮᠦᠴᠢᠨ ᠬᠤᠰᠢᠭᠤᠨ ᠤ ᠳᠦᠯᠦ ᠬᠥᠯ ᠪᠦᠮᠪᠦᠭᠡᠨ ᠺᠯᠦ᠋ᠪ
ᠭᠤᠷᠪᠠᠳᠣᠭᠠᠷ ᠨᠡᠷ᠎ᠡ ᠳᠤ  ᠄ ᠰᠢᠯᠢ ᠶᠢᠨ ᠬᠤᠲᠠ ᠶᠢᠨ ᠯᠠᠨ ᠲᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠺᠯᠦ᠋ᠪ
U7 ︱ U8 ᠳᠤᠭᠤᠶᠢᠯᠠᠩ᠄ ᠨᠢᠭᠡᠳᠦᠭᠡᠷ ᠲᠤ ᠣᠷᠣᠪᠠ᠄ ᠵᠡᠭᠦᠨ ᠦᠵᠦᠮᠦᠴᠢᠨ ᠬᠤᠰᠢᠭᠤᠨ ᠤ ᠤᠷᠢ ᠬᠥᠯ ᠪᠥᠮᠪᠦᠭᠡ ᠶᠢᠨ ᠠᠩᠭᠢ
ᠬᠤᠶᠠᠳᠤᠭᠠᠷ ᠨᠡᠷᠡᠰ᠄ ᠪᠠᠷᠠᠭᠤᠨ ᠦᠵᠦᠮᠦᠴᠢᠨ ᠬᠤᠰᠢᠭᠤᠨ ᠤ ᠳᠦᠯᠦ ᠬᠥᠯ ᠪᠦᠮᠪᠦᠭᠡᠨ ᠺᠯᠦ᠋ᠪ
ᠭᠤᠷᠪᠠᠳᠤᠭᠠᠷ ᠲᠤ᠄ ᠰᠢᠯᠢᠩᠬᠤᠲᠠ ᠶᠢᠨ ᠰᠧ ᠴᠦᠦᠠᠩ ᠭᠧ ᠡᠯ ᠺᠯᠦ᠋ᠪ
U9 ︱ U10 ᠳᠤᠭᠤᠶᠢᠯᠠᠩ᠄ ᠨᠢᠭᠡᠳᠦᠭᠡᠷ ᠲᠤ ᠣᠷᠣᠪᠠ᠄ ᠵᠡᠭᠦᠨ ᠦᠵᠦᠮᠦᠴᠢᠨ ᠬᠤᠰᠢᠭᠤᠨ ᠤ ᠤᠷᠢ ᠬᠥᠯ ᠪᠥᠮᠪᠦᠭᠡ ᠶᠢᠨ ᠠᠩᠭᠢ
ᠬᠤᠶᠠᠳᠤᠭᠠᠷ ᠨᠡᠷᠡᠰ᠄ ᠰᠢᠯᠢᠩᠬᠤᠲᠠ ᠶᠢᠨ ᠵᠢᠦᠢ ᠯᠢ ᠬᠥᠯ ᠪᠥᠮᠪᠦᠭᠡ ᠶᠢᠨ ᠺᠯᠦ᠋ᠪ
ᠭᠤᠷᠪᠠᠳᠤᠭᠠᠷ ᠨᠡᠷᠡᠰ᠄ ᠰᠥᠨᠢᠳ ᠵᠡᠭᠦᠨ ᠬᠤᠰᠢᠭᠤᠨ ᠤ ᠬᠥᠯ ᠪᠥᠮᠪᠦᠭᠡ ᠶᠢᠨ ᠠᠩᠭᠢ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号