4 ᠰᠠᠷ᠎ᠠ ᠶᠢᠨ 9 ᠤ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ | ᠱᠦᠵᠢ ᠪᠦᠦ ᠯᠢᠨ ᠪᠦᠯᠬᠦᠮ ᠳᠠᠭᠠᠭᠤᠯᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠵᠢᠴᠢ ᠣᠶᠤᠨᠴᠢ | ᠰᠡᠷᠭᠡᠶᠢᠯᠡᠨ ᠡᠵᠡᠮᠳᠡᠬᠦ ᠰᠢᠰᠲ᠋ᠧᠮ ᠤᠨ ᠠᠵᠢᠯᠯᠠᠭ᠎ᠠ ᠵᠡᠷᠭᠡ ᠶᠢ ᠪᠠᠶᠢᠴᠠᠭᠠᠨ ᠰᠤᠳᠤᠯᠬᠤ ᠶᠢᠨ ᠬᠠᠮᠲᠤ ᠬᠢᠨᠠᠨ | ᠵᠢᠯᠣᠭᠤᠳᠴᠤ᠂ ᠬᠤᠯᠪᠣᠭᠳᠠᠯ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠭᠠᠯ ᠰᠡᠷᠭᠡᠶᠢᠯᠡᠬᠦ ᠭᠠᠯ | ᠤᠨᠲᠠᠷᠠᠭᠠᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ | ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠪᠡ᠃ | ᠪᠠᠶᠢᠴᠠᠭᠠᠨ ᠰᠤᠳᠤᠯᠤᠯᠲᠠ ᠳᠤ᠂ ᠪᠦᠦ ᠯᠢᠨ ᠵᠢᠷ ᠤᠨ ᠭᠤᠣᠯ ᠪᠠᠯᠭᠠᠰᠤᠨ ᠤ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ | ᠰᠣᠨᠣᠰᠴᠤ᠂ ᠤᠬᠠᠭᠤᠯᠭ᠎ᠠ ᠬᠥᠮᠦᠵᠢᠯ ᠥᠷᠨᠢᠭᠦᠯᠦᠭᠰᠡᠨ ᠪᠠᠶᠢᠳᠠᠯ᠂ ᠭᠠᠯ ᠰᠡᠷᠭᠡᠶᠢᠯᠡᠬᠦ ᠡᠳ᠋ ᠪᠣᠳᠠᠰ ᠨᠥᠭᠡᠴᠡᠯᠡᠭᠰᠡᠨ | ᠪᠠᠶᠢᠳᠠᠯ ᠵᠡᠷᠭᠡ ᠶᠢ ᠲᠤᠬᠠᠢ ᠶᠢᠨ ᠲᠠᠯᠠᠪᠤᠷ ᠲᠤᠨᠢ ᠪᠠᠶᠢᠴᠠᠭᠠᠪᠠ᠃ ᠪᠦᠦ ᠯᠢᠨ ᠴᠢᠬᠤᠯᠠᠴᠢᠯᠠᠭᠰᠠᠨ ᠨᠢ᠂ ᠣᠳᠣ ᠪᠣᠯ | ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠡᠯ᠎ᠡ ᠰᠤᠮᠤ ᠪᠠᠯᠭᠠᠰᠤ ᠨᠢ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢᠶᠠᠨ ᠪᠠᠲᠤᠳᠬᠠᠨ᠂ ᠬᠠᠷᠢᠶ᠎ᠠ | ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠣᠷᠴᠢᠯᠠᠭᠰᠠᠨ | ᠬᠠᠮᠢᠶᠠᠷᠤᠯᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠤᠬᠠᠭᠤᠯᠭ᠎ᠠ ᠬᠥᠮᠦᠵᠢᠯ ᠢ | ᠴᠢᠩᠭᠠᠳᠬᠠᠨ᠂ ᠭᠤᠣᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠴᠠᠭᠳᠠᠬᠤ ᠤᠳᠠᠭ᠎ᠠ ᠶᠢ ᠨᠡᠮᠡᠭᠳᠡᠭᠦᠯᠵᠦ᠂ | ᠲᠤᠰᠬᠠᠢ ᠮᠡᠷᠭᠡᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠬᠦ᠂ ᠲᠣᠨᠤᠭ ᠲᠥᠬᠦᠭᠡᠷᠦᠮᠵᠢ ᠶᠢ | ᠰᠢᠯᠢᠳᠡᠭᠵᠢᠭᠦᠯᠦᠨ ᠲᠣᠬᠢᠷᠠᠭᠤᠯᠬᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠬᠤ ᠵᠡᠷᠭᠡ ᠣᠯᠠᠨ | ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠡᠢ᠃ | ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠲᠤ᠂ ᠪᠦᠦ | ᠯᠢᠨ ᠸᠢᠳᠢᠣ᠋ ᠪᠠᠷ ᠬᠢᠨᠠᠬᠤ ᠲᠠᠪᠴᠠᠩ ᠢᠶᠠᠷ ᠬᠠᠷᠢᠶ᠎ᠠ ᠣᠷᠣᠨ ᠳᠠᠬᠢ ᠭᠠᠯ ᠰᠡᠷᠭᠡᠶᠢᠯᠡᠬᠦ ᠭᠤᠣᠯᠳᠠᠯᠭ᠎ᠠ ᠲᠠᠢ ᠣᠷᠣᠨ | ᠪᠦᠰᠡ ᠶᠢᠨ ᠵᠢᠷᠤᠭ ᠳᠦᠷᠰᠦ ᠶᠢ ᠪᠠᠶᠢᠴᠠᠭᠠᠨ ᠦᠵᠡᠵᠦ᠂ ᠤᠯᠠᠭᠠᠨ ᠤ ᠭᠠᠳᠠᠨᠠᠬᠢ ᠲᠤᠶᠠᠭ᠎ᠠ ᠶᠢᠨ ᠰᠡᠷᠡᠮᠵᠢ ᠶᠢᠨ | ᠳᠣᠬᠢᠶ᠎ᠠ ᠵᠢᠴᠢ ᠰᠢᠢᠳᠪᠦᠷᠢᠯᠡᠬᠦ ᠶᠠᠪᠤᠴᠠ ᠪᠣᠯᠣᠨ 24 ᠴᠠᠭ ᠢᠶᠠᠷ ᠵᠢᠵᠢᠭᠦᠷᠯᠡᠨ ᠰᠠᠬᠢᠬᠤ ᠵᠡᠷᠭᠡ ᠪᠠᠶᠢᠳᠠᠯ ᠢ | ᠣᠶᠢᠯᠠᠭᠠᠪᠠ᠃ ᠲᠡᠷᠡ ᠵᠢᠭᠠᠬᠤ ᠳᠠᠭᠠᠨ᠂ ᠳᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ︽ᠬᠦᠮᠦᠨ ᠤ | ᠬᠦᠴᠦᠨ ᠤ ᠰᠡᠷᠭᠡᠶᠢᠯᠡᠯᠲᠡ + ᠪᠣᠳᠠᠰ ᠤᠨ ᠰᠡᠷᠭᠡᠶᠢᠯᠡᠯᠲᠡ + ᠮᠡᠷᠭᠡᠵᠢᠯ ᠤᠨ ᠰᠡᠷᠭᠡᠶᠢᠯᠡᠯᠲᠡ︾ ᠶᠢ ᠨᠢᠭᠡ | ᠴᠣᠭᠴᠠᠵᠢᠭᠤᠯᠤᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠰᠢᠰᠲ᠋ᠧᠮ ᠤᠨ ᠬᠤᠯᠪᠤᠭᠠᠯᠠᠨ | ᠬᠥᠳᠡᠯᠦᠯᠴᠡᠬᠦ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ | ᠦᠭᠡᠢ ᠨᠠᠪᠲᠠᠷᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠵᠡᠷᠭᠡ ᠠᠵᠢᠯ ᠢ ᠴᠢᠩᠭ᠎ᠠ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ | ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠰᠠᠭᠤᠭ᠎ᠠ ᠭᠠᠵᠠᠷ ᠲᠤ᠂ | ᠪᠦᠦ ᠯᠢᠨ ᠰᠠᠯᠬᠢᠨ ᠬᠦᠴᠦ ᠪᠠᠷ ᠭᠠᠯ ᠤᠨᠲᠠᠷᠠᠭᠠᠬᠤ ᠮᠠᠰᠢᠨ ᠢᠶᠠᠷ ᠭᠠᠯ ᠤᠨᠲᠠᠷᠠᠭᠠᠬᠤ ᠪᠣᠳᠠᠲᠤ ᠰᠣᠷᠢᠯᠲᠠ ᠶᠢᠨ | ᠦᠵᠡᠭᠦᠯᠦᠯᠭᠡ ᠶᠢ ᠰᠣᠨᠢᠷᠬᠠᠵᠤ ᠂ ᠡᠩᠨᠡᠭᠡᠨ ᠤ ᠭᠡᠰᠢᠭᠦᠳ ᠤᠨ ᠪᠦᠲᠦᠴᠡ᠂ ᠡᠳᠦᠷ ᠳᠤᠳᠤᠮ ᠤᠨ ᠪᠣᠯᠪᠠᠰᠤᠷᠠᠯ | ᠪᠣᠯᠣᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ | ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠭᠠᠯ ᠤᠨᠲᠠᠷᠠᠭᠠᠬᠤ ᠡᠩᠨᠡᠭᠡ ᠨᠢ ᠲᠤᠰᠬᠠᠢ ᠮᠡᠷᠭᠡᠵᠢᠯ ᠤᠨ | ᠡᠩᠨᠡᠭᠡ ᠶᠢᠨ ᠪᠠᠶᠢᠭᠤᠯᠤᠯᠲᠠ ᠪᠣᠯᠣᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠪᠠᠨ | ᠦᠷᠭᠦᠯᠵᠢᠯᠡᠨ ᠴᠢᠩᠭᠠᠳᠬᠠᠵᠤ᠂ ︽ ᠪᠣᠯᠪᠠᠰᠤᠷᠠᠯ ᠰᠣᠷᠢᠯᠲᠠ ᠪᠠᠷ ᠪᠠᠶᠢᠯᠳᠤᠭᠠᠨ ᠪᠣᠯᠭᠠᠬᠤ︾ ᠳᠤ ᠰᠠᠭᠤᠷᠢᠯᠠᠨ᠂ | ᠣᠯᠠᠨ ᠲᠥᠷᠥᠯ ᠤᠨ ᠬᠠᠮᠵᠢᠯᠴᠠᠬᠤ ᠰᠣᠷᠢᠯᠲᠠ ᠶᠢ ᠴᠢᠩᠭᠠᠳᠬᠠᠵᠤ᠂ ᠢᠯᠠᠩᠭᠤᠶ᠎ᠠ ᠰᠥᠨᠢ᠂ ᠶᠡᠭᠡ ᠰᠠᠯᠬᠢ ᠲᠠᠢ | ᠵᠡᠷᠭᠡ ᠠᠰᠢᠭ ᠦᠭᠡᠢ ᠨᠥᠬᠦᠴᠡᠯ ᠳᠣᠣᠷᠠᠬᠢ ᠪᠣᠳᠠᠲᠤ ᠰᠣᠷᠢᠯᠲᠠ ᠪᠣᠯᠪᠠᠰᠤᠷᠠᠯ ᠢ ᠴᠢᠩᠭᠠᠳᠬᠠᠨ᠂ ᠭᠠᠯ ᠤᠨ ᠭᠠᠮᠰᠢᠭ | ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠪᠠ ᠠᠪᠤᠷᠠᠨ ᠲᠤᠰᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ | ᠂ ᠠᠶᠤᠯ ᠲᠦᠭᠰᠢᠭᠦᠷᠢ ᠭᠠᠷᠪᠠᠯ ᠲᠦᠷᠭᠡᠨ ᠲᠤᠰᠬᠠᠬᠤ᠂ ᠪᠦᠲᠦᠮᠵᠢᠲᠡᠶ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ | ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃ | | |