4 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ | ᠬᠤᠰᠢᠭᠤᠨ ᠤ ᠬᠤᠷᠢᠶ᠎ᠠ ᠬᠥᠳᠡᠭᠡ ᠲᠣᠰᠬᠤᠨ ᠮᠠᠯᠵᠢᠬᠤ ᠣᠷᠣᠨ ᠤ ᠠᠵᠢᠯ ᠤᠨ ᠬᠤᠷᠠᠯ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ | ᠴᠢᠬᠤᠯᠠ ᠥᠭᠦᠯᠡᠯᠲᠡ ᠪᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠲᠥᠪ ᠤᠨ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2025 ᠣᠨ ᠤ | ᠪᠥᠬᠦ ᠬᠤᠰᠢᠭᠤᠨ ᠤ ᠬᠥᠳᠡᠭᠡ ᠲᠣᠰᠬᠤᠨ ᠮᠠᠯᠵᠢᠬᠤ ᠣᠷᠣᠨ ᠤ ᠭᠤᠣᠯᠳᠠᠯᠭ᠎ᠠ ᠲᠠᠢ ᠠᠵᠢᠯ ᠡᠭᠦᠷᠭᠡ ᠶᠢ | ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠬᠤᠷᠠᠯ ᠳᠤ ᠣᠷᠣᠯᠴᠠᠨ | ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ | ᠬᠤᠷᠠᠯ ᠡᠷᠭᠢᠯᠡᠵᠦ᠂ ᠬᠤᠰᠢᠭᠤ ᠤᠳᠤᠷᠢᠳᠤᠯᠭ᠎ᠠ ᠦ᠋ ᠵᠦ᠂ ᠬᠤᠸᠠᠩ ᠯᠢ ᠺᠦᠨ᠂ ᠷᠧᠨ ᠳ᠋ᠧ ᠰᠢᠨ ᠨᠠᠷ ᠬᠤᠷᠠᠯ ᠳᠤ | ᠣᠷᠣᠯᠴᠠᠵᠠᠢ᠃ | ᠪᠦᠦ ᠯᠢᠨ ᠵᠢᠭᠠᠬᠤ ᠳᠠᠭᠠᠨ᠂ 2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠥᠳᠡᠭᠡ ᠠᠵᠤ ᠠᠬᠤᠢ | ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ︽ᠬᠤᠶᠠᠷ ᠢ ᠦᠷᠭᠦᠯᠵᠢᠯᠡᠭᠦᠯᠵᠦ | ᠂ ᠳᠥᠷᠪᠡᠨ ᠲᠠᠯ᠎ᠠ ᠪᠠᠷ ᠬᠦᠴᠦᠯᠡᠨ ᠴᠢᠷᠮᠠᠶᠢᠬᠤ︾ ᠶᠡᠷᠦᠩᠬᠡᠢ ᠲᠥᠰᠥᠪ ᠢ ᠳᠤᠷᠠᠳᠴᠤ᠂ ᠰᠢᠨ᠎ᠡ ᠴᠠᠭ ᠦᠶ᠎ᠡ ᠶᠢᠨ ︽ | ᠮᠠᠯ ᠠᠵᠤ ᠠᠬᠤᠢ ᠮᠠᠯᠵᠢᠬᠤ ᠣᠷᠣᠨ ᠮᠠᠯᠴᠢᠨ︾ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ | ᠬᠠᠩᠭᠠᠵᠠᠢ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ︽ᠬᠥᠳᠡᠭᠡ ᠲᠣᠰᠬᠤᠨ ᠮᠠᠯᠵᠢᠬᠤ | ᠣᠷᠣᠨ︾ ᠤ ᠠᠵᠢᠯ ᠢ ᠰᠠᠶᠢᠲᠤᠷ ᠬᠢᠬᠦ ᠨᠢ ᠠᠵᠤ ᠠᠬᠤᠢ ᠶᠢᠨ ᠬᠥᠭᠵᠢᠯᠲᠡ ᠶᠢᠨ ᠠᠰᠠᠭᠤᠳᠠᠯ ᠪᠣᠯᠬᠤ ᠪᠠᠷ ᠪᠠᠷᠠᠬᠤ | ᠦᠭᠡᠢ᠂ ᠨᠠᠩ ᠴᠤ ᠤᠯᠤᠰ ᠲᠥᠷᠥ ᠶᠢᠨ ᠬᠠᠷᠢᠭᠤᠴᠠᠯᠭ᠎ᠠ ᠮᠥᠨ ᠭᠡᠳᠡᠭ ᠢ ᠭᠦᠨᠵᠡᠭᠡᠢ ᠲᠠᠨᠢᠵᠤ᠂ ᠠᠮᠢ ᠠᠬᠤᠢ ᠶᠢ | ᠲᠡᠷᠢᠭᠦᠨ ᠳᠤ ᠲᠠᠯᠪᠢᠭᠰᠠᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠲᠤᠤᠱᠯᠠᠭᠤᠯᠬᠤ | ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ | ᠤᠨ ᠨᠠᠮ ᠤᠨ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠪᠠᠷᠠᠭᠤᠨ ᠦᠵᠦᠮᠦᠴᠢᠨ ᠬᠤᠰᠢᠭᠤᠨ ᠤ ︽ | ᠬᠥᠳᠡᠭᠡ ᠲᠣᠰᠬᠤᠨ ᠮᠠᠯᠵᠢᠬᠤ ᠣᠷᠣᠨ︾ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ | ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃ | ᠪᠦᠦ ᠯᠢᠨ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠲᠣᠭᠲᠠᠭᠤᠨ ᠤ ᠳᠤᠮᠳᠠ | ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠰᠠᠭᠤᠷᠢ ᠶᠢ ᠪᠠᠲᠤᠳᠬᠠᠨ ᠯᠠᠪᠳᠠᠭᠤᠨ | ᠤᠷᠤᠭᠰᠢᠯᠠᠬᠤ︾ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠠᠷᠭ᠎ᠠ ᠪᠦᠬᠦᠨ ᠢ ᠰᠦᠪᠡᠭᠴᠢᠯᠡᠨ ᠮᠠᠯ | ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠵᠢᠬᠤ ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ | ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ︽ᠮᠠᠯ ᠠᠵᠤ ᠠᠬᠤᠢ ᠮᠠᠯᠵᠢᠬᠤ ᠣᠷᠣᠨ ᠮᠠᠯᠴᠢᠨ︾ | ᠤ ᠠᠵᠢᠯ ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ᠃ ᠨᠠᠮ ᠤᠨ ᠪᠥᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠲᠠᠪᠤᠨ ᠱᠠᠲᠤᠨ ᠤ ᠱᠦᠵᠢ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢ ᠴᠢᠩᠭᠠᠳᠬᠠᠵᠤ᠂ ᠠᠷᠭ᠎ᠠ ᠬᠡᠯᠪᠡᠷᠢ ᠪᠠᠨ | ᠰᠠᠶᠢᠵᠢᠷᠠᠭᠤᠯᠤᠨ ᠠᠵᠢᠯ ᠤᠨ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠢᠯ ᠤᠨ ᠰᠤᠷᠲᠠᠯ ᠢᠶᠠᠨ | ᠬᠤᠪᠢᠷᠠᠭᠤᠯᠤᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠰᠢᠨ᠎ᠡ ᠴᠠᠭ ᠦᠶ᠎ᠡ ᠶᠢᠨ ︽ᠬᠥᠳᠡᠭᠡ | ᠲᠣᠰᠬᠤᠨ ᠮᠠᠯᠵᠢᠬᠤ ᠣᠷᠣᠨ︾ ᠤ ᠠᠵᠢᠯ ᠤᠨ ᠦᠨᠳᠦᠰᠦᠨ ᠪᠠᠲᠤᠯᠠᠭ᠎ᠠ ᠶᠢ ᠪᠠᠲᠤ ᠴᠣᠭᠴᠠᠯᠠᠬᠤ ᠬᠡᠷᠡᠭᠲᠡᠢ᠃ | ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠᠨ ᠲᠣᠭᠲᠠᠭᠠᠵᠤ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠦᠬᠦ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠴᠢᠨᠠᠷ ᠰᠠᠶᠢᠲᠠᠢ ᠲᠠᠷᠢᠶᠠᠯᠠᠩ ᠮᠠᠯ | ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ | ᠪᠠᠶᠢᠭᠤᠯᠵᠤ᠂ ᠮᠠᠯᠵᠢᠬᠤ ᠣᠷᠣᠨ ᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ︽ᠮᠠᠯ ᠠᠵᠤ ᠠᠬᠤᠢ | ᠮᠠᠯᠵᠢᠬᠤ ᠣᠷᠣᠨ ᠮᠠᠯᠴᠢᠨ︾ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠭᠡᠵᠡᠢ᠃ | ᠬᠤᠷᠠᠯ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤᠨ ᠤ 2024 ᠣᠨ ᠤ ᠠᠵᠢᠯ | ᠤᠨ ᠳ᠋ᠦᠩᠨᠡᠯᠲᠡ ᠪᠠ 2025 ᠣᠨ ᠤ ᠠᠵᠢᠯ ᠤᠨ ᠲᠣᠬᠢᠷᠠᠭᠤᠯᠤᠯᠲᠠ ᠶᠢ ᠰᠣᠨᠣᠰᠴᠤ᠂ ︽ᠪᠠᠷᠠᠭᠤᠨ ᠦᠵᠦᠮᠦᠴᠢᠨ | ᠬᠤᠰᠢᠭᠤᠨ ᠤ ᠬᠥᠳᠡᠭᠡ ᠲᠣᠰᠬᠤᠨ ᠮᠠᠯᠵᠢᠬᠤ ᠣᠷᠣᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ | ᠠᠬᠢᠭᠤᠯᠬᠤ ᠲᠤᠬᠠᠢ 2025 ᠣᠨ ᠤ ᠭᠤᠣᠯᠳᠠᠯᠭ᠎ᠠ ᠲᠠᠢ ᠡᠭᠦᠷᠭᠡ ᠶᠢ ᠵᠠᠳᠠᠯᠬᠤ ᠲᠥᠰᠥᠯ︾ ᠤᠨ ᠲᠤᠬᠠᠢ | ᠲᠠᠶᠢᠯᠤᠮᠵᠢ ᠬᠢᠪᠡ᠃ | | |