4 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶ᠎ᠠ ᠰᠢᠨ᠎ᠡ ᠪᠠᠷ ᠲᠤᠰᠢᠶᠠᠯ ᠡᠭᠦᠷᠭᠡᠯᠡᠭᠰᠡᠨ | ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠤᠨ ᠦᠵᠡᠯ ᠰᠠᠨᠠᠭ᠎ᠠ ᠲᠠᠨᠢᠯᠲᠠ ᠪᠠᠨ | ᠨᠢᠭᠡᠳᠬᠡᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠢᠭᠤᠨ ᠴᠢᠬᠡᠴᠢ ᠶᠢᠨ ᠬᠤᠷᠢᠭ᠎ᠠ | ᠱᠤᠭᠤᠮ ᠢ ᠰᠠᠬᠢᠵᠤ᠂ ᠰᠢᠨ᠎ᠡ ᠠᠵᠢᠯ ᠤᠨ ᠪᠠᠶᠢᠷᠢᠨ ᠳᠠᠭᠠᠨ ᠰᠢᠨ᠎ᠡ ᠵᠢᠳᠬᠦᠯ ᠭᠠᠷᠭᠠᠵᠤ᠂ ᠰᠢᠨ᠎ᠡ ᠬᠤᠪᠢ ᠨᠡᠮᠡᠷᠢ | ᠦᠵᠡᠭᠦᠯᠬᠦ ᠶᠢ ᠬᠥᠲᠥᠯᠥᠨ ᠵᠢᠯᠣᠭᠤᠳᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠢᠦᠢ ᠵᠥᠩ | ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠶᠠᠨ ᡁᠢ ᠭᠦᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠶᠠᠨ ᡁᠢ ᠭᠥᠸᠧ ᠱᠠᠭᠠᠷᠳᠠᠬᠤ ᠳᠠᠭᠠᠨ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠦᠵᠡᠯ ᠰᠠᠨᠠᠭ᠎ᠠ | ᠲᠠᠨᠢᠯᠲᠠ ᠪᠠᠨ ᠨᠢᠭᠡᠳᠬᠡᠵᠦ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ᠃ ᠤᠯᠤᠰ | ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠠᠲᠤᠳᠬᠠᠨ᠂ | ᠢᠮᠠᠭᠲᠠ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠨᠠᠶᠢᠳᠠᠪᠤᠷᠢᠲᠠᠢ ᠪᠠᠶᠢᠬᠤ ᠶᠢ ᠪᠡᠶᠡᠯᠡᠭᠦᠯᠵᠦ᠂ ᠬᠤᠰᠢᠭᠤ | ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠰᠠᠨᠠᠭ᠎ᠠ ᠪᠠ ᠣᠶᠤᠨ ᠴᠢᠳᠠᠯ ᠢᠶᠠᠨ ᠲᠤᠬᠠᠶᠢᠯᠠᠭᠰᠠᠨ ᠠᠵᠢᠯ ᠢᠶᠠᠨ | ᠰᠠᠶᠢᠲᠤᠷ ᠬᠢᠬᠦ ᠳᠡᠭᠡᠷ᠎ᠡ ᠲᠦᠪᠯᠡᠷᠡᠭᠦᠬᠦ ᠬᠡᠷᠡᠭᠲᠡᠢ᠃ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠬᠥᠭᠵᠢᠯᠲᠡ ᠶᠢᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠬᠡᠷᠡᠭᠲᠡᠢ᠃ ᠤᠯᠤᠰ ᠲᠦᠷᠦ ᠶᠢᠨ ᠤᠨᠤᠯ ᠤᠨ | ᠰᠤᠷᠤᠯᠴᠠᠯᠭ᠎ᠠ ᠪᠠ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠤᠴᠢᠷ ᠶᠠᠪᠤᠳᠠᠯ ᠢ ᠪᠣᠳᠣᠯᠬᠢᠯᠠᠬᠤ᠂ ᠠᠵᠢᠯ | ᠬᠢᠵᠦ ᠤᠴᠢᠷ ᠶᠠᠪᠤᠳᠠᠯ ᠢ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠢᠮᠠᠭᠲᠠ ᠪᠠᠷᠢᠮᠲᠠᠯᠠᠵᠤ᠂ ︽ | ᠴᠢᠳᠠᠪᠤᠷᠢ ᠶᠢᠨ ᠬᠤᠮᠰᠠᠳᠠᠯ︾᠂ ︽ᠴᠢᠳᠠᠪᠤᠷᠢ ᠶᠢᠨ ᠪᠠᠭᠤᠷᠠᠢ ᠲᠠᠯ᠎ᠠ︾᠂ ︽ᠮᠡᠳᠡᠯᠭᠡ ᠶᠢᠨ ᠳᠤᠲᠠᠭᠤᠳᠠᠯ︾ ᠵᠡᠷᠭᠡ | ᠠᠰᠠᠭᠤᠳᠠᠯ ᠢ ᠰᠢᠢᠳᠪᠦᠷᠢᠯᠡᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠨ ᠠᠵᠢᠯ ᠢᠶᠠᠨ ᠴᠢᠷᠮᠠᠶᠢᠨ ᠬᠢᠬᠦ ᠬᠡᠷᠡᠭᠲᠡᠢ᠃ | ᠠᠵᠢᠯ ᠶᠠᠪᠤᠳᠠᠯ ᠬᠢᠬᠦ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠢᠭᠤᠨ ᠴᠢᠬᠡᠴᠢ ᠶᠢᠨ ᠣᠣᠷ ᠴᠢᠨᠠᠷ ᠢᠶᠠᠨ | ᠡᠭᠦᠷᠢᠳᠡ ᠬᠠᠳᠠᠭᠠᠯᠠᠬᠤ ᠬᠡᠷᠡᠭᠲᠡᠢ᠃ ᠶᠣᠰᠣ ᠰᠤᠷᠲᠠᠬᠤᠨ ᠤ ᠪᠣᠯᠪᠠᠰᠤᠷᠠᠯ ᠢᠶᠠᠨ ᠴᠢᠩᠭᠠᠳᠬᠠᠵᠤ᠂ ᠳᠦᠷᠢᠮ᠂ | ᠵᠢᠷᠤᠮ ᠶᠣᠰᠣᠭᠠᠷ ᠡᠷᠬᠡ ᠪᠠᠨ ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢ | ᠢᠮᠠᠭᠲᠠ ᠴᠢᠩᠭᠠᠳᠬᠠᠵᠤ᠂ ᠬᠤᠷᠢᠭ᠎ᠠ ᠱᠤᠭᠤᠮ ᠢ ᠪᠠᠲᠤ ᠰᠠᠬᠢᠨ᠂ ᠡᠷᠬᠡ ᠪᠠᠨ ᠢᠮᠠᠭᠲᠠ ᠵᠥᠪ ᠬᠡᠷᠡᠭᠵᠢᠭᠦᠯᠬᠦ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠢᠦᠢ ᠵᠦᠩ ᠮᠢᠨ ᠴᠢᠬᠤᠯᠠᠴᠢᠯᠠᠬᠤ ᠳᠠᠭᠠᠨ᠂ ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷᠴᠤᠳ | ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠥᠨᠳᠥᠳᠬᠡᠨ ᠬᠢᠴᠢᠶᠡᠬᠦ ᠰᠡᠳᠬᠢᠯᠭᠡ ᠪᠠᠨ ᠪᠠᠲᠤᠳᠬᠠᠬᠤ | ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ | ᠤᠨ ᠦᠵᠡᠯ ᠰᠠᠨᠠᠭ᠎ᠠ ᠪᠣᠯᠣᠨ ᠨᠠᠮ ᠤᠨ ᠤᠯᠤᠰ ᠲᠦᠷᠦ ᠶᠢᠨ ᠤᠨᠤᠯ ᠢ ᠤᠬᠠᠮᠰᠠᠷ ᠠᠴᠠ ᠪᠠᠨ ᠰᠤᠷᠤᠯᠴᠠᠨ | ᠣᠶᠢᠯᠠᠭᠠᠵᠤ᠂ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠦᠨ᠂ ᠵᠠᠮ᠂ ᠤᠨᠤᠯ᠂ ᠳᠦᠷᠢᠮ ᠵᠡᠷᠭᠡ ᠳᠤ | ᠬᠤᠯᠪᠣᠭᠳᠠᠬᠤ ᠦᠨᠳᠦᠰᠦᠨ ᠠᠰᠠᠭᠤᠳᠠᠯ ᠤᠨ ᠲᠠᠯ᠎ᠠ ᠪᠠᠷ ᠰᠡᠷᠭᠡᠭ ᠪᠠᠶᠢᠵᠤ᠂ ᠵᠥᠪ ᠵᠣᠭᠰᠣᠯᠲᠠ ᠪᠠᠨ ᠪᠠᠲᠤᠳᠬᠠᠬᠤ | ᠬᠡᠷᠡᠭᠲᠡᠢ᠃ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢ ᠡᠷᠡᠰ ᠪᠠᠷᠢᠮᠲᠠᠯᠠᠵᠤ᠂ ᠰᠠᠶᠢᠨ ᠰᠠᠶᠢᠬᠠᠨ ᠳᠦᠷᠢ | ᠲᠥᠷᠬᠦ ᠶᠢ ᠪᠤᠢ ᠪᠣᠯᠭᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠡᠶᠡᠯᠡᠭᠦᠯᠵᠦ᠂ ᠡᠷᠬᠡ ᠳᠤ ᠵᠥᠪ ᠢᠶᠠᠷ | ᠬᠠᠨᠳᠤᠵᠤ᠂ ᠨᠡᠶᠢᠲᠡ ᠶᠢᠨ ᠪᠠ ᠬᠤᠪᠢ ᠶᠢᠨ ᠡᠷᠬᠡ ᠪᠣᠯᠣᠨ ᠪᠠᠶᠢᠳᠠᠯ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ | ᠂ ᠵᠠᠷᠴᠢᠮ ᠢ ᠡᠷᠬᠢᠮᠯᠡᠵᠦ᠂ ᠵᠥᠪ ᠪᠤᠷᠤᠭᠤ ᠶᠢ ᠲᠣᠳᠣᠷᠬᠠᠶᠢᠯᠠᠬᠤ ᠬᠡᠷᠡᠭᠲᠡᠢ᠃ ᠬᠠᠨᠢ ᠨᠦᠬᠦᠷ᠂ ᠦᠷ᠎ᠡ ᠬᠡᠦᠬᠡᠳ | ᠪᠣᠯᠣᠨ ᠳᠡᠷᠭᠡᠳᠡᠬᠢ ᠠᠵᠢᠯᠲᠠᠨ ᠢᠶᠠᠨ ᠰᠠᠶᠢᠲᠤᠷ ᠬᠠᠮᠢᠶᠠᠷᠴᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ | ᠶᠢ ᠰᠠᠬᠢᠬᠤ ᠶᠢ ᠢᠮᠠᠭᠲᠠ ᠪᠠᠷᠢᠮᠲᠠᠯᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ | ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ | ᠢᠯᠵᠢᠷᠡᠯ ᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠪᠠᠶᠢᠭᠤᠯᠬᠤ ᠬᠡᠷᠡᠭᠲᠡᠢ᠃ ᠦᠷᠭᠦᠯᠵᠢ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠳᠦᠷᠢᠮ︾ ᠵᠡᠷᠭᠡ ᠨᠠᠮ ᠤᠨ ᠰᠠᠬᠢᠯᠭ᠎ᠠ ᠪᠠᠲᠤ ᠶᠢᠨ ᠳᠦᠷᠢᠮ ᠲᠣᠭᠲᠠᠭᠠᠯ ᠲᠠᠢ | ᠬᠠᠷᠢᠴᠠᠭᠤᠯᠤᠨ ᠥᠪᠡᠷ ᠢ ᠪᠠᠨ ᠰᠡᠷᠡᠮᠵᠢᠯᠡᠭᠦᠯᠵᠦ᠂ ᠰᠠᠬᠢᠯᠭ᠎ᠠ ᠪᠠᠲᠤ ᠶᠢᠨ ᠪᠠᠷᠢᠮᠵᠢᠶ᠎ᠠ ᠪᠠᠷ ᠥᠪᠡᠷ ᠤᠨ ᠦᠭᠡ ᠶᠠᠷᠢᠶ᠎ᠠ | ᠦᠢᠯᠡ ᠠᠵᠢᠯᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠬᠢᠨᠠᠵᠤ᠂ ᠰᠠᠬᠢᠯᠭ᠎ᠠ ᠪᠠᠲᠤ ᠶᠣᠰᠣ ᠳᠦᠷᠢᠮ ᠢ ᠬᠥᠨᠳᠥᠳᠬᠡᠨ᠂ | ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠬᠢᠴᠢᠶᠡᠩᠭᠦᠶᠢᠯᠡᠨ ᠰᠠᠬᠢᠵᠤ᠂ ᠬᠤᠷᠢᠭ᠎ᠠ ᠱᠤᠭᠤᠮ ᠢ ᠥᠴᠥᠬᠡᠨ ᠴᠦ | ᠳᠠᠪᠠᠭ᠋ᠤ ᠦᠭᠡᠢ ᠪᠠᠶᠢᠬᠤ ᠬᠡᠷᠡᠭᠲᠡᠢ ᠭᠡᠵᠡᠢ᠃ | | |