ᠪᠦᠦ ᠯᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/11
     4 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠬᠤᠰᠢᠭᠤ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠠᠬᠢᠭᠤᠯᠵᠤ ᠪᠠᠶᠢᠭ᠎ᠠ ᠪᠠᠶᠢᠳᠠᠯ ᠵᠢᠴᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠬᠢᠨᠠᠨ ᠵᠢᠯᠣᠭᠤᠳᠴᠤ᠂ ᠬᠤᠰᠢᠭᠤ ᠤᠳᠤᠷᠢᠳᠤᠯᠭ᠎ᠠ ᠬᠤᠸᠠᠩ ᠯᠢ ᠺᠦᠨ᠂ ᠦ᠋ ᡁᠢ ᠴᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠭᠤᠣᠯ ᠡᠵᠡᠮᠰᠢᠯ ᠤᠨ ᠲᠠᠰᠤᠭ ᠤᠨ ᠬᠢᠨᠠᠨ ᠡᠵᠡᠮᠳᠡᠬᠦ ᠰᠢᠰᠲ᠋ᠧᠮ ᠪᠣᠯᠣᠨ ᠵᠢᠭᠠᠬᠤ ᠶᠢ ᠰᠤᠳᠤᠯᠬᠤ ᠦᠵᠡᠭᠦᠯᠦᠯᠭᠡ ᠶᠢᠨ ᠲᠠᠩᠬᠢᠮ ᠵᠡᠷᠭᠡ ᠶᠢ ᠪᠠᠶᠢᠴᠠᠭᠠᠨ ᠦᠵᠡᠬᠦ ᠪᠠᠷ ᠳᠡᠮᠵᠢᠨ᠂ ᠪᠦᠦ ᠯᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠳᠡᠯᠭᠡᠷᠡᠭᠦᠯᠦᠯᠲᠡ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠪᠠᠭᠰᠢ ᠶᠢᠨ ᠵᠢᠭᠠᠨ ᠰᠤᠷᠭᠠᠯᠲᠠ ᠶᠢᠨ ᠰᠤᠳᠤᠯᠭᠠᠨ ᠤ ᠦᠷ᠎ᠡ ᠪᠦᠲᠦᠭᠡᠯ ᠵᠢᠴᠢ ᠬᠢᠴᠢᠶᠡᠯ ᠲᠥᠷᠥᠯ ᠤᠨ ᠠᠵᠢᠯ ᠤᠨ ᠭᠠᠵᠠᠷ ᠤᠨ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠳᠡᠯᠭᠡᠷᠡᠭᠦᠯᠬᠦ ᠲᠠᠯ᠎ᠠ ᠪᠠᠷ ᠣᠯᠣᠭᠰᠠᠨ ᠦᠷ᠎ᠡ ᠪᠦᠲᠦᠮᠵᠢ ᠶᠢ ᠨᠤᠲᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ  ᠡᠯ᠎ᠡ ᠰᠤᠷᠭᠠᠭᠤᠯᠢ  ᠨᠢ ᠦᠷᠭᠦᠯᠵᠢᠯᠡᠨ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠤᠬᠠᠭᠤᠯᠤᠨ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ  ᠱᠠᠭᠠᠷᠳᠠᠵᠠᠢ᠃      ᠶᠠᠷᠢᠯᠴᠠᠬᠤ ᠬᠤᠷᠠᠯ ᠳᠤ᠂ ᠬᠤᠷᠠᠯ ᠳᠤ ᠣᠷᠣᠯᠴᠠᠭᠰᠠᠨ ᠡᠯ᠎ᠡ ᠪᠠᠭᠰᠢ ᠠᠵᠢᠯᠲᠠᠨ ᠱᠠᠲᠤ ᠬᠤᠪᠢᠶᠠᠨ ᠵᠢᠭᠠᠨ ᠰᠤᠷᠭᠠᠬᠤ᠂ ︽ᠨᠢᠭᠡ ᠰᠤᠷᠤᠭᠴᠢ ᠳᠤ ᠨᠢᠭᠡ ᠠᠷᠭ᠎ᠠ ᠪᠣᠳᠣᠯᠭ᠎ᠠ︾ ᠪᠠᠷ ᠥᠪᠡᠷᠮᠢᠴᠡᠵᠢᠭᠦᠯᠦᠨ ᠬᠠᠪᠰᠤᠷᠤᠨ ᠵᠢᠯᠤᠭᠤᠳᠬᠤ᠂ ᠭᠡᠷ ᠪᠦᠯᠢ ᠰᠤᠷᠭᠠᠭᠤᠯᠢ ᠬᠠᠮᠵᠢᠯᠴᠠᠬᠤ ᠵᠡᠷᠭᠡ ᠲᠠᠯ᠎ᠠ ᠶᠢᠨ ᠲᠣᠭᠤᠷᠢᠨ ᠳᠤ ᠢᠳᠡᠪᠬᠢᠲᠡᠢ ᠪᠠᠷ ᠶᠠᠷᠢᠶ᠎ᠠ ᠲᠠᠯᠪᠢᠵᠠᠢ᠃ ᠪᠦᠦ ᠯᠢᠨ ᠡᠮᠦᠨ᠎ᠡ ᠹᠷᠣᠨᠲ ᠤᠨ ᠪᠠᠭᠰᠢ ᠶᠢᠨ ᠵᠢᠭᠠᠨ ᠰᠤᠷᠭᠠᠯᠲᠠ ᠶᠢᠨ ᠣᠯᠣᠯᠲᠠ ᠪᠠ ᠰᠢᠯᠭᠠᠯᠲᠠ ᠳᠤ ᠪᠡᠯᠡᠳᠬᠡᠬᠦ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠳᠠᠷᠠᠭ᠎ᠠ ᠠᠯᠬᠤᠮ ᠤᠨ ᠠᠵᠢᠯ ᠤᠨ ᠲᠤᠬᠠᠢ ᠱᠠᠭᠠᠷᠳᠠᠯᠭ᠎ᠠ ᠳᠤᠷᠠᠳᠴᠠᠢ᠃      ᠪᠦᠦ ᠯᠢᠨ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠷᠭᠠᠭᠤᠯᠢ ᠨᠢ ᠨᠠᠮ  ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠭᠦᠨᠵᠡᠭᠡᠢ ᠠᠬᠢᠭᠤᠯᠵᠤ᠂ ᠲᠤᠬᠠᠢ ᠶᠢᠨ ᠭᠠᠵᠠᠷ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠪᠡᠯᠡᠳᠬᠡᠬᠦ ᠠᠵᠢᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂  ᠰᠤᠷᠤᠭᠴᠢᠳ ᠢ ᠰᠠᠶᠢᠨ ᠬᠢᠷᠢ ᠪᠦᠲᠦᠮᠵᠢ ᠪᠠᠷ ᠰᠠᠶᠢᠨ ᠰᠤᠷᠭᠠᠭᠤᠯᠢ ᠳᠤ ᠰᠢᠯᠭᠠᠭᠤᠯᠤᠨ ᠣᠷᠤᠭᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ᠃ ᠡᠭᠦᠨ ᠤ ᠬᠠᠮᠲᠤ᠂ ᠰᠢᠯᠭᠠᠯᠲᠠ ᠳᠤ ᠣᠷᠣᠯᠴᠠᠬᠤ ᠰᠤᠷᠤᠭᠴᠢᠳ ᠵᠢᠴᠢ ᠭᠡᠷ ᠤᠨ ᠠᠬᠠᠮᠠᠳ ᠤᠨ ᠰᠡᠳᠬᠢᠴᠡ ᠶᠢᠨ ᠪᠠᠶᠢᠳᠠᠯ ᠢ ᠨᠠᠷᠢᠨ ᠠᠩᠬᠠᠷᠴᠤ᠂   ᠲᠡᠳᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠰᠢᠯᠭᠠᠯᠲᠠ ᠳᠤ ᠪᠡᠯᠡᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠡᠢ᠃     ᠪᠦᠦ ᠯᠢᠨ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠠᠵᠢᠯ ᠨᠢ ᠣᠳᠣᠬᠢ ᠪᠠᠶᠢᠳᠠᠯ ᠳᠤ ᠰᠠᠭᠤᠷᠢᠯᠠᠨ ᠂ ᠠᠯᠤᠰ ᠬᠡᠲᠦ ᠶᠢ ᠪᠣᠳᠣᠯᠬᠢᠯᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠭ᠎ᠠ ᠠᠩᠬᠠᠷᠴᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠢᠭᠠᠨ ᠰᠤᠷᠭᠠᠯᠲᠠ ᠶᠢᠨ ᠰᠤᠳᠤᠯᠭᠠᠨ ᠢ ᠲᠠᠰᠤᠷᠠᠯᠲᠠ ᠦᠭᠡᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠪᠠᠭᠰᠢ ᠶᠢ ᠨᠥᠬᠦᠪᠦᠷᠢᠯᠡᠨ ᠲᠣᠬᠢᠷᠠᠭᠤᠯᠬᠤ ᠠᠵᠢᠯ ᠢ ᠰᠠᠶᠢᠲᠤᠷ ᠠᠳᠬᠤᠨ᠂ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号