4 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ | ᠬᠤᠰᠢᠭᠤᠨ ᠤ ᠬᠤᠷᠢᠶ᠎ᠠ ᠨᠠᠮ ᠪᠦᠯᠦᠭ ᠤᠨ ᠪᠤᠰᠤ ᠬᠥᠮᠥᠰ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠮᠥᠰ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠵᠥᠪᠳᠡᠯᠴᠡᠨ ᠶᠠᠷᠢᠯᠴᠠᠬᠤ ᠬᠤᠷᠠᠯ ᠬᠤᠷᠠᠯᠳᠤᠭᠤᠯᠵᠤ | ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠨᠠᠮ ᠤᠨ ᠪᠣᠰᠤ ᠬᠥᠮᠥᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ 2024 ᠣᠨ ᠤ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠢ ᠨᠡᠶᠢᠲᠡᠯᠡᠨ᠂ 2025 ᠣᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠠᠯ᠎ᠠ ᠪᠠᠷ ᠡᠯ᠎ᠡ | ᠳᠠᠪᠬᠤᠷᠭ᠎ᠠ ᠶᠢᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ ᠬᠤᠰᠢᠭᠤ ᠨᠠᠮ ᠤᠨ ᠬᠤᠷᠢᠶᠠᠨ ᠤ | ᠱᠦᠵᠢ ᠪᠦᠦ ᠯᠢᠨ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠤᠳᠤᠷᠢᠳᠤᠯᠭ᠎ᠠ ᠶᠢᠨ ᠢᠦᠢ ᠪᠦᠦ᠂ ᠶᠣᠣ ᠬᠠᠢ | ᠰᠢᠶᠠ᠂ ᠬᠤᠸᠠᠩ ᠯᠢ ᠺᠦᠨ᠂ ᠯᠢᠦ ᠴᠢᠩ᠂ ᠶᠠᠩ ᠳ᠋ᠦᠩ ᠹᠧᠩ ᠬᠤᠷᠠᠯ ᠳᠤ ᠣᠷᠣᠯᠴᠠᠵᠠᠢ᠃ | ᠪᠦᠦ ᠯᠢᠨ ᠵᠢᠭᠠᠬᠤ ᠳᠠᠭᠠᠨ᠂ ᠣᠶᠢᠷ᠎ᠠ ᠶᠢᠨ ᠵᠢᠯ ᠠᠴᠠ᠂ ᠪᠦᠬᠦ ᠬᠤᠰᠢᠭᠤᠨ ᠤ ᠳᠡᠭᠡᠳᠦ ᠳᠣᠣᠷᠠᠳᠤ | ᠱᠠᠲᠤᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠣᠯᠣᠨ | ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠴᠦᠯᠡᠨ ᠠᠬᠢᠭᠤᠯᠵᠤ ᠰᠢᠨ᠎ᠡ ᠦᠷ᠎ᠡ ᠪᠦᠲᠦᠮᠵᠢ ᠣᠯᠣᠭᠰᠠᠨ ᠪᠠᠶᠢᠨ᠎ᠠ | ᠃ ᠡᠲᠡᠭᠡᠷ ᠠᠮᠵᠢᠯᠲᠠ ᠨᠢ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠯ ᠲᠡᠮᠡᠴᠡᠯ ᠪᠠ | ᠡᠯ᠎ᠡ ᠡᠲᠡᠭᠡᠳ ᠤᠨ ᠲᠥᠯᠥᠭᠡᠯᠡᠭᠴᠢ ᠬᠥᠮᠥᠰ ᠤᠨ ᠣᠶᠤᠨ ᠤᠬᠠᠭᠠᠨ ᠪᠠ ᠬᠦᠴᠦ ᠬᠥᠯᠥᠰᠦ ᠠᠴᠠ ᠰᠠᠯᠵᠤ ᠴᠢᠳᠠᠬᠤ | ᠦᠭᠡᠢ ᠶᠤᠮ᠃ ᠣᠯᠠᠨ ᠢᠶᠠᠷ ᠢᠶᠠᠨ ᠬᠤᠶᠢᠰᠢᠳᠠ ᠶᠢᠨ ᠠᠵᠢᠯ ᠳᠤᠮᠳᠠ ᠪᠠᠨ ᠢᠷᠠᠭᠤ ᠠᠯᠳᠠᠷᠲᠤ ᠤᠯᠠᠮᠵᠢᠯᠠᠯ ᠢᠶᠠᠨ | ᠦᠷᠭᠦᠯᠵᠢᠯᠡᠨ ᠪᠠᠳᠠᠷᠠᠭᠤᠯᠵᠤ᠂ ᠢᠮᠠᠭᠲᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠬᠠᠮᠲᠤ ᠪᠠᠷ | ᠬᠦᠴᠦᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠶᠡᠭᠡ ᠣᠶᠤᠨ ᠤᠬᠠᠭᠠᠨ | ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃ | ᠪᠦᠦ ᠯᠢᠨ ᠴᠢᠬᠤᠯᠠᠴᠢᠯᠠᠭᠰᠠᠨ ᠨᠢ᠂ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭ᠎ᠠ ᠪᠣᠯ ᠪᠦᠭᠦ | ᠬᠤᠰᠢᠭᠤᠨ ᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠪᠥᠬᠦ ᠬᠤᠰᠢᠭᠤ ᠪᠠᠷ ᠢᠶᠠᠨ | ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ | ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠮᠲᠤ ᠶᠢᠨ | ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠂ ᠡᠯ᠎ᠡ ᠲᠠᠯ᠎ᠠ ᠶᠢᠨ | ᠬᠦᠴᠦᠨ ᠢ ᠨᠠᠮ ᠤᠨ ᠲᠣᠭᠤᠷᠢᠨ ᠳᠤ ᠪᠦᠯᠬᠦᠮᠳᠡᠭᠦᠯᠦᠨ ᠨᠢᠭᠲᠠᠷᠠᠭᠤᠯᠵᠤ᠂ ᠤᠯᠤᠰ ᠲᠥᠷᠥ ᠶᠢᠨ ᠲᠠᠯ᠎ᠠ ᠪᠠᠷ | ᠰᠡᠳᠬᠢᠯ ᠢᠶᠠᠨ ᠨᠢᠭᠡᠳᠬᠡᠬᠦ ᠶᠢ ᠪᠠᠷᠢᠮᠲᠠᠯᠠᠨ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ | ᠪᠠᠷ ᠰᠢᠨ᠎ᠡ ᠬᠠᠮᠲᠤᠷᠠᠭᠰᠠᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠬᠠᠷᠠᠯᠲᠠ ᠶᠢᠨ ᠲᠠᠯ᠎ᠠ ᠪᠠᠷ ᠠᠳᠠᠯᠢ ᠴᠢᠭᠯᠡᠯ ᠲᠠᠢ | ᠪᠠᠶᠢᠬᠤ ᠶᠢ ᠪᠠᠷᠢᠮᠲᠠᠯᠠᠵᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ | ᠢᠯᠡᠷᠡᠭᠦᠯᠬᠦ ᠬᠡᠷᠡᠭᠲᠡᠢ᠃ ᠠᠵᠢᠯ ᠤᠨ ᠲᠠᠯ᠎ᠠ ᠪᠠᠷ ᠬᠠᠮᠲᠤ ᠪᠠᠷ ᠤᠷᠤᠭᠰᠢᠯᠠᠬᠤ ᠶᠢ ᠪᠠᠷᠢᠮᠲᠠᠯᠠᠵᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠡᠢ᠃ | ᠬᠤᠷᠠᠯ ᠳᠤ᠂ ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠵᠢᠴᠢ ᠡᠯ᠎ᠡ ᠬᠦᠷᠢᠶ᠎ᠡ ᠬᠡᠪᠴᠢᠶᠡᠨ ᠤ 12 ᠲᠥᠯᠥᠭᠡᠯᠡᠭᠴᠢ 2025 ᠣᠨ ᠤ ᠪᠥᠬᠦ ᠬᠤᠰᠢᠭᠤᠨ | ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ ᠭᠦᠨᠵᠡᠭᠡᠢ ᠶᠠᠷᠢᠯᠴᠠᠪᠠ᠃ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠵᠢᠯᠲᠠᠨ᠂ ᠥᠪᠥᠷ ᠮᠣᠩᠭᠤᠯ ᠤᠨ ᠹᠧᠩ ᠵᠢᠩ ᠮᠠᠨ | ᠶᠤᠸᠠᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠶᠠᠩ ᠰᠢᠶᠣᠣ ᠵᠥᠩ᠄ ︽ | ᠥᠨᠥᠳᠥᠷ ᠬᠤᠰᠢᠭᠤ ᠨᠠᠮ ᠤᠨ ᠬᠤᠷᠢᠶᠠᠨ ᠤ ᠶᠠᠷᠢᠯᠴᠠᠬᠤ ᠬᠤᠷᠠᠯ ᠳᠤ ᠣᠷᠣᠯᠴᠠᠭᠰᠠᠨ ᠳᠠᠭᠠᠨ ᠮᠠᠰᠢ ᠪᠠᠶᠠᠷᠲᠠᠢ | ᠪᠠᠶᠢᠨ᠎ᠠ᠂ ᠪᠢᠳᠡ ᠶᠢᠰᠦᠨ ᠵᠢᠯ ᠤᠨ ᠲᠤᠷᠰᠢ ᠰᠡᠳᠬᠢᠵᠦ ᠬᠢᠭᠰᠡᠭᠡᠷ ᠢᠷᠡᠭᠰᠡᠨ ᠠᠵᠢᠯ ᠤᠨ ᠪᠠᠶᠢᠳᠠᠯ ᠢᠶᠠᠨ ᠬᠤᠰᠢᠭᠤ | ᠨᠠᠮ ᠤᠨ ᠬᠤᠷᠢᠶᠠᠨ ᠳᠤ ᠬᠠᠷᠢᠭᠤ ᠮᠡᠳᠡᠭᠦᠯᠦᠯ᠎ᠡ᠃ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠠᠵᠤ | ᠠᠬᠤᠢ ᠶᠢᠨ ᠲᠤᠭ᠎ᠠ ᠪᠠᠷᠢᠮᠲᠠ ᠪᠣᠯᠣᠨ ᠡᠯ᠎ᠡ ᠰᠠᠯᠠᠭ᠎ᠠ ᠮᠥᠴᠢᠷ ᠤᠨ ᠵᠢᠭᠠᠨ ᠵᠢᠯᠣᠭᠤᠳᠤᠯᠭ᠎ᠠ᠂ ᠬᠤᠰᠢᠭᠤ ᠨᠠᠮ ᠤᠨ | ᠬᠤᠷᠢᠶᠠᠨ ᠤ ᠱᠦᠵᠢ ᠶᠢᠨ ᠵᠢᠭᠠᠨ ᠵᠢᠯᠣᠭᠤᠳᠤᠯᠭ᠎ᠠ ᠶᠢ ᠰᠣᠨᠣᠰᠤᠯ᠎ᠠ᠃ ᠡᠨᠡ ᠨᠢ ᠮᠠᠨ ᠤ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ᠂ ᠣᠨᠴᠠᠭᠠᠶᠢᠯᠠᠨ ᠪᠠᠭ᠎ᠠ ᠵᠢᠵᠢᠭ ᠠᠵᠤ ᠠᠬᠤᠶᠢᠯᠠᠯ ᠳᠤ ᠮᠠᠰᠢ ᠶᠡᠭᠡ ᠵᠣᠷᠢᠭᠵᠢᠭᠤᠯᠤᠯ ᠪᠣᠯᠣᠯ᠎ᠠ᠃ | ᠬᠤᠶᠢᠰᠢᠳᠠ ᠪᠢᠳᠡ ᠰᠠᠶᠢᠲᠤᠷ ᠳ᠋ᠦᠩᠨᠡᠯᠲᠡ ᠬᠢᠵᠦ᠂ᠡᠵᠡᠩᠨᠡᠵᠦ ᠪᠠᠶᠢᠭ᠎ᠠ ᠠᠵᠤ ᠠᠬᠤᠶᠢᠯᠠᠯ ᠢᠶᠠᠨ ᠨᠡᠩ ᠰᠠᠶᠢᠨ | ᠬᠥᠭᠵᠢᠭᠦᠯᠬᠦ ᠪᠠᠷ ᠴᠢᠷᠮᠠᠶᠢᠨ᠎ᠠ︾ ᠭᠡᠯᠡ᠃ | |