ᠵᠢᠷ ᠭᠠᠴᠠᠭ᠎ᠠ ᠮᠠᠯᠴᠢᠳ ᠲᠤ ᠪᠠᠨ ᠡᠪᠡᠰᠦ ᠲᠡᠵᠢᠭᠡᠯ ᠬᠦᠷᠭᠡᠯ᠎ᠠ
ᠨᠡᠶᠢᠲᠡᠯᠡᠭᠰᠡᠨ ᠴᠠᠭ᠄
2025/4/11
    4 ᠰᠠᠷ᠎ᠠ ᠶᠢᠨ 8 ᠤ ᠦᠷᠯᠦᠭᠡ᠂ ᠵᠢᠷ ᠤᠨ ᠭᠤᠣᠯ ᠪᠠᠯᠭᠠᠰᠣᠨ ᠤ ᠵᠢᠷ ᠭᠠᠴᠠᠭᠠᠨ ᠤ ᠮᠠᠯᠴᠢᠳ ᠡᠪᠡᠰᠦ ᠲᠡᠵᠢᠭᠡᠯ ᠬᠠᠳᠠᠭᠠᠯᠠᠬᠤ ᠲᠣᠰᠠᠬᠠᠢ ᠴᠡᠭ ᠲᠡᠭᠡᠷ᠎ᠡ ᠪᠠᠨ ᠢᠷᠡᠵᠡᠭᠡᠵᠦ᠂ ᠡᠪᠡᠰᠦ ᠪᠠᠨ ᠬᠤᠪᠢᠳᠠᠨ ᠠᠪᠬᠤ ᠪᠠᠷ ᠬᠦᠯᠢᠶᠡᠵᠡᠭᠡᠵᠦ᠂ ᠡᠪᠡᠰᠦ ᠠᠴᠢᠶᠠᠯᠠᠬᠤ ᠬᠡᠳᠦᠨ ᠮᠠᠰᠢᠨ ᠶᠠᠭᠠᠷᠠᠯᠳᠠᠢ ᠠᠵᠢᠯᠯᠠᠨ᠎ᠠ᠃ ᠬᠠᠪᠣᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠮᠠᠯᠴᠢᠳ ᠤᠨ ᠡᠪᠡᠰᠦ ᠲᠡᠵᠢᠬᠡᠯ ᠢᠶᠠᠨ ᠬᠦᠷᠦᠯᠴᠡᠭᠡᠳᠡᠢ ᠪᠡᠯᠡᠳᠬᠡᠨ᠂ ᠮᠠᠯ ᠣᠨᠣᠭᠠᠨ ᠤ ᠮᠠᠨᠳᠣ ᠣᠨᠳᠣᠷᠣᠯᠳᠠ᠂ ᠲᠠᠷᠭᠤ ᠬᠦᠴᠦ  ᠶᠢ ᠪᠠᠳᠣᠯᠠᠬᠤ ᠶᠢᠨ ᠲᠣᠰᠠᠳᠠ ᠵᠢᠷ ᠭᠠᠴᠠᠭ᠎ᠠ ᠨᠢ ᠭᠠᠴᠠᠭᠠᠨ  ᠤ ᠪᠠᠨ ᠬᠠᠮᠳᠣ ᠶᠢᠨ ᠬᠤᠷᠠᠮᠳᠣᠯ ᠤᠨ ᠮᠥᠩᠭᠦᠨ ᠠᠴᠠ ᠪᠠᠨ ᠬᠤᠷᠢᠭᠠᠳ ᠲᠦᠮᠡᠨ ᠲᠦᠭᠦᠷᠢᠭ ᠭᠠᠷᠭᠠᠨ᠂ ᠭᠠᠴᠠᠭᠠᠨ ᠤ ᠪᠠᠨ ᠪᠠᠶᠢᠩᠭᠤ ᠰᠠᠭᠤᠭ᠎ᠠ 65 ᠮᠠᠯᠴᠢᠨ ᠡᠷᠦᠭᠡ ᠳᠤ ᠪᠠᠨ ᠡᠷᠦᠬᠡ  ᠪᠦᠷᠢ ᠳᠤ ᠭᠤᠷᠪᠠᠨ ᠲᠤᠨ ᠡᠪᠡᠰᠦ ᠪᠡᠯᠡᠳᠬᠡᠨ ᠬᠤᠪᠢᠶᠠᠵᠣ ᠦᠭᠭᠦᠭᠰᠡᠨ ᠪᠠᠶᠢᠨ᠎ᠠ᠃     ᠣᠶᠢᠯᠠᠭᠠᠭᠰᠠᠨ ᠢᠶᠠᠷ 2025 ᠣᠨ ᠤ ᠪᠡᠯᠴᠢᠭᠡᠷ ᠰᠡᠷᠭᠦᠭᠡᠬᠦ ᠠᠵᠢᠯ ᠡᠬᠢᠯᠡᠬᠦ ᠠᠴᠠ ᠲᠦᠷᠦᠭᠦᠯᠡᠨ ᠪᠠᠷᠠᠭᠤᠨ ᠦᠵᠦᠮᠦᠴᠢᠨ  ᠬᠤᠰᠢᠭᠤᠨ ᠤ ᠡᠯ᠎ᠡ ᠱᠠᠳᠣᠨ ᠤ ᠬᠢᠨᠢ ᠬᠠᠰᠢᠶᠠᠯᠠᠭ᠎ᠠ ᠶᠢᠨ ᠬᠤᠭᠤᠴᠠᠭᠠᠨ ᠤ ᠪᠡᠯᠡᠳᠬᠡᠯ ᠠᠵᠢᠯ ᠢ ᠰᠠᠶᠢᠨ ᠬᠢᠵᠦ 45 ᠬᠤᠨᠤᠭ ᠤᠨ ᠬᠠᠰᠢᠶᠠᠯᠠᠭ᠎ᠠ ᠶᠢᠨ ᠬᠤᠭᠤᠴᠠᠭᠠᠨ ᠤ ᠮᠠᠯ ᠤᠨ ᠡᠪᠡᠰᠦ ᠲᠡᠵᠢᠬᠡᠯ ᠤᠨ ᠬᠦᠷᠦᠯᠴᠡᠭᠡᠳᠡᠢ ᠪᠠᠶᠢᠬᠤ ᠵᠢᠴᠢ ᠮᠠᠯ ᠤᠨ  ᠲᠠᠷᠭᠤ ᠬᠦᠴᠦ ᠶᠢ ᠪᠠᠳᠣᠯᠠᠬᠤ ᠶᠢᠨ ᠲᠣᠰᠠᠳᠠ ᠬᠦᠴᠦ ᠪᠠᠨ ᠬᠠᠮᠳᠣᠳᠬᠠᠨ ᠨᠢᠭᠡᠳᠦᠯᠳᠡᠢ ᠲᠦᠯᠦᠪᠯᠡᠵᠦ᠂ ᠵᠠᠬ᠎ᠠ ᠲᠡᠯᠭᠡᠭᠦᠷ ᠤᠨ ᠬᠠᠩᠰᠢ ᠠᠴᠠ ᠬᠢᠮᠳᠠ ᠦᠨ᠎ᠡ  ᠪᠠᠷ ᠮᠠᠯᠴᠢᠳ ᠲᠤ ᠡᠪᠡᠰᠦ ᠪᠣᠷᠳᠤᠭ᠎ᠠ ᠣᠯᠭᠤᠬᠤ ᠠᠴᠠ ᠭᠠᠳᠠᠨ᠎ᠠ ᠬᠠᠮᠳᠣ ᠶᠢᠨ ᠠᠵᠣ ᠠᠬᠤᠢ ᠶᠢᠨ ᠣᠷᠣᠯᠭ᠎ᠠ ᠪᠠᠷ ᠲᠠᠪᠠᠭᠤᠯᠢᠭ ᠭᠠᠴᠠᠭ᠎ᠠ ᠱᠠᠳᠣᠨ ᠤ ᠬᠢᠨᠢ ᠪᠠᠰᠠ ᠮᠠᠯᠴᠢᠨ ᠡᠷᠦᠭᠡ ᠳᠡᠭᠡᠨ ᠡᠪᠡᠰᠦ ᠪᠣᠷᠳᠣᠭᠠᠨ ᠤ ᠵᠣᠬᠢᠬᠤ ᠨᠥᠬᠦᠪᠦᠷᠢ ᠦᠭᠬᠦ᠂  ᠦᠨ᠎ᠡ ᠲᠦᠯᠦᠪᠦᠷᠢ ᠦᠭᠡᠢ ᠬᠤᠪᠢᠶᠠᠨ ᠦᠭᠬᠦ ᠵᠡᠷᠭᠡ ᠪᠣᠳᠠᠳᠠᠢ ᠠᠷᠭ᠎ᠠ ᠬᠡᠮᠵᠢᠶ᠎ᠡ ᠠᠪᠴᠦ ᠮᠠᠯᠴᠢᠳ ᠤᠨ ᠠᠮᠢᠳᠣᠷᠠᠯ ᠣᠨᠳᠣᠷᠣᠯᠭ᠎ᠠ ᠳᠤ ᠲᠡᠮᠵᠢᠯᠭᠡ ᠪᠣᠯᠭᠠᠨ᠂ ᠮᠠᠯ ᠠᠵᠣ ᠠᠬᠤᠢ ᠶᠢᠨ ᠲᠠᠷᠣᠭᠠᠰᠣ ᠶᠢ ᠨᠢ ᠬᠦᠩᠭᠡᠯᠡᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠤ ᠪᠣᠳᠠᠳᠣ ᠦᠷ᠎ᠠ ᠪᠦᠳᠦᠮᠵᠢ ᠶᠢ ᠦᠨᠡᠨᠬᠦ ᠪᠠᠳᠣᠯᠠᠵᠣ ᠪᠣᠢ᠃        
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号