ᠪᠠᠷᠠᠭᠤᠨ ᠦᠵᠦᠮᠦᠴᠢᠨ ᠬᠤᠰᠢᠭᠤ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠᠷ ᠵᠠᠯᠠᠭᠤ ᠺᠠᠳ᠋ᠷᠴᠤᠳ ᠤᠨ ᠡᠩᠨᠡᠭᠡ ᠶᠢ ᠬᠦᠮᠦᠵᠢᠭᠦᠯᠦᠨ᠎ᠡ
ᠨᠡᠶᠢᠲᠡᠯᠡᠭᠰᠡᠨ ᠴᠠᠭ᠄
2025/4/11
     ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠰᠢᠨ᠎ᠡ ᠴᠠᠭ ᠦᠶ᠎ᠡ ᠶᠢᠨ ᠺᠠᠳ᠋ᠷ ᠢ ᠬᠥᠮᠥᠵᠢᠭᠦᠯᠬᠦ ᠱᠠᠭᠠᠷᠳᠠᠯᠭ᠎ᠠ ᠶᠢᠨ ᠲᠣᠭᠤᠷᠢᠨ ᠳᠤ᠂ ᠵᠠᠯᠠᠭᠤ ᠺᠠᠳ᠋ᠷᠴᠤᠳ ᠤᠨ ᠠᠳᠠᠯᠢ ᠪᠤᠰᠤ ᠬᠥᠭᠵᠢᠯᠲᠡ ᠶᠢᠨ ︽ᠦᠶᠡᠯᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠯᠢᠳᠡᠭ ᠵᠠᠯᠠᠭᠤ ᠺᠠᠳ᠋ᠷᠴᠤᠳ ᠢ ᠬᠥᠮᠥᠵᠢᠭᠦᠯᠬᠦ ᠲᠠᠪᠤᠨ ᠵᠢᠯ ᠤᠨ ᠠᠵᠢᠯᠯᠠᠭ᠎ᠠ ᠶᠢᠨ ᠲᠥᠰᠥᠯ ︵2024—2028︶︾ ᠢ ᠨᠡᠶᠢᠲᠡᠯᠡᠵᠦ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ︽ᠵᠣᠬᠢᠴᠠᠬᠤ ︱ᠬᠦᠮᠦᠵᠢᠨ ᠪᠣᠶᠢᠵᠢᠬᠤ ︱ ᠪᠣᠯᠪᠠᠰᠤᠷᠠᠩᠭᠤᠢ ᠪᠣᠯᠬᠤ︾ ᠭᠤᠷᠪᠠᠨ ᠱᠠᠲᠤᠨ ᠤ ᠬᠥᠮᠥᠵᠢᠭᠦᠯᠬᠦ ᠰᠢᠰᠲ᠋ᠧᠮ ᠢ ᠪᠠᠶᠢᠭᠤᠯᠤᠨ᠂ ᠵᠠᠯᠠᠭᠤ ᠺᠠᠳ᠋ᠷᠴᠤᠳ  ᠤᠨ ᠬᠦᠮᠦᠵᠢᠯ ᠤᠨ ᠵᠠᠮ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠡᠨᠡ ᠬᠦ ᠡᠩᠨᠡᠭᠡ ᠨᠢ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠵᠤ ᠪᠠᠶᠢᠨ᠎ᠠ     ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠᠷ ᠰᠦᠭ ᠰᠦᠨᠡᠰᠦ ᠶᠢ ᠱᠤᠭᠤᠵᠤ᠂ ᠦᠨᠡᠨᠴᠢ ᠰᠢᠳᠤᠷᠭᠤ ᠶᠢᠨ ᠰᠠᠭᠤᠷᠢ ᠶᠢ ᠪᠠᠲᠤᠳᠬᠠᠨ᠎ᠠ      ᠵᠠᠯᠠᠭᠤ ᠺᠠᠳ᠋ᠷᠴᠤᠳ ᠤᠨ ᠠᠵᠢᠯ ᠤᠨ ᠪᠠᠶᠢᠷᠢ ᠳᠤ ᠵᠣᠬᠢᠴᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠠᠵᠢᠯ ᠳᠤ  ᠭᠠᠷᠤᠭᠠᠳ 2 ᠵᠢᠯ ᠠᠴᠠ ᠳᠡᠭᠡᠭᠰᠢ ᠪᠣᠯᠤᠭᠰᠠᠨ ᠵᠠᠯᠠᠭᠤ ᠺᠠᠳ᠋ᠷᠴᠤᠳ ᠢᠶᠠᠷ ᠭᠤᠣᠯᠳᠠᠯᠭ᠎ᠠ ᠪᠣᠯᠭᠠᠨ᠂ ᠳᠦᠷᠢᠮ ᠢ ᠵᠢᠷᠤᠮᠯᠠᠬᠤ᠂ ᠠᠵᠢᠯ ᠤᠨ ᠪᠠᠶᠢᠷᠢ ᠳᠠᠭᠠᠨ ᠵᠣᠬᠢᠴᠠᠬᠤ ᠴᠢᠳᠠᠪᠤᠷᠢ ᠶᠢᠨ ᠪᠣᠯᠪᠠᠰᠤᠷᠠᠯ ᠤᠨ ᠲᠣᠭᠤᠷᠢᠨ ᠳᠤ ᠬᠥᠮᠥᠵᠢᠭᠦᠯᠬᠦ ᠰᠢᠰᠲ᠋ᠧᠮ ᠤᠨ ᠰᠢᠨ᠎ᠡ ᠶᠢ ᠡᠭᠦᠳᠴᠡᠢ᠃ ᠨᠢᠭᠡᠳᠦᠯᠲᠡᠢ ᠲᠥᠯᠥᠪᠯᠡᠨ ᠬᠥᠮᠥᠵᠢᠭᠦᠯᠬᠦ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠰᠢᠨ᠎ᠡ ᠪᠠᠷ ᠠᠵᠢᠯ ᠳᠤ ᠣᠷᠣᠭᠰᠠᠨ ᠰᠣᠩᠭᠤᠨ ᠲᠣᠬᠢᠷᠠᠭᠤᠯᠤᠭᠰᠠᠨ ᠰᠤᠷᠤᠭᠴᠢ᠂ ᠠᠯᠪᠠᠳᠠᠨ ᠪᠠ ᠠᠵᠢᠯ ᠦᠢᠯᠡᠰ  ᠤᠨ ᠣᠷᠣᠨ ᠲᠣᠭᠠᠲᠤ ᠺᠠᠳ᠋ᠷ ᠢ ᠬᠥᠮᠥᠵᠢᠭᠦᠯᠬᠦ ᠲᠥᠯᠥᠪᠯᠡᠭᠡ ᠳᠤ ᠣᠷᠣᠭᠤᠯᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠨᠢᠭᠡᠳᠦᠯᠲᠡᠢ ᠲᠥᠯᠥᠪᠯᠡᠨ ᠬᠠᠮᠢᠶᠠᠷᠬᠤ᠂ ᠪᠠᠶᠢᠭ᠎ᠠ ᠨᠢᠭᠡᠴᠡ ᠠᠴᠠ ᠬᠠᠮᠵᠢᠯᠴᠠᠨ ᠬᠥᠮᠥᠵᠢᠭᠦᠯᠬᠦ ᠬᠡᠯᠬᠢᠶ᠎ᠡ ᠰᠢᠰᠲ᠋ᠧᠮ ᠢ ᠪᠤᠢ ᠪᠣᠯᠭᠠᠵᠤ᠂ ᠬᠥᠮᠥᠵᠢᠭᠦᠯᠬᠦ ᠶᠠᠪᠤᠴᠠ ᠶᠢᠨ ᠬᠥᠳᠡᠯᠦᠩᠭᠦᠢ ᠲᠣᠬᠢᠷᠠᠭᠤᠯᠤᠯᠲᠠ ᠶᠢ ᠴᠢᠩᠭᠠᠳᠬᠠᠵᠠᠢ᠃ ᠡᠭᠦᠨ ᠤ ᠬᠠᠮᠲᠤ᠂ ᠰᠠᠭᠤᠷᠢ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠰᠢᠯᠢᠳᠡᠭ ᠢ ᠰᠣᠩᠭᠤᠨ ᠥᠨᠳᠥᠷ ᠬᠡᠪ ᠪᠣᠯᠪᠠᠰᠤᠷᠠᠯ ᠲᠠᠢ ᠪᠡᠯᠡᠳᠬᠡᠯ ᠺᠠᠳ᠋ᠷ ᠤᠨ ᠬᠦᠴᠦᠨ ᠢ ᠨᠥᠭᠡᠴᠡᠯᠡᠵᠦ᠂ ᠵᠢᠯ ᠪᠦᠷᠢ ᠨᠢᠭᠡ ᠤᠳᠠᠭ᠎ᠠ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠬᠥᠮᠦᠵᠢᠯ ᠢ ᠥᠷᠨᠢᠭᠦᠯᠵᠦ᠂ ᠵᠠᠯᠠᠭᠤ ᠺᠠᠳ᠋ᠷᠴᠤᠳ ᠤᠨ ᠰᠠᠬᠢᠯᠭ᠎ᠠ ᠪᠠᠲᠤ ᠶᠢ ᠡᠷᠬᠢᠮᠯᠡᠬᠦ᠂ ᠶᠣᠰᠣ ᠳᠦᠷᠢᠮ ᠢ ᠰᠠᠬᠢᠬᠤ ᠶᠢ ᠬᠥᠲᠥᠯᠥᠨ ᠵᠢᠯᠣᠭᠤᠳᠤᠭᠰᠠᠨ ᠰᠠᠭᠤᠷᠢᠨ ᠳᠡᠭᠡᠷ᠎ᠡ᠂ ᠲᠤᠰᠬᠠᠢ ᠮᠡᠷᠭᠡᠵᠢᠯ ᠤᠨ ᠬᠦᠷᠢᠶ᠎ᠡ ᠬᠡᠪᠴᠢᠶ᠎ᠡ ᠶᠢ ᠦᠨᠳᠦᠰᠦᠯᠡᠨ᠂ ᠰᠡᠳᠦᠪ ᠰᠣᠩᠭᠤᠨ ᠶᠠᠷᠢᠯᠴᠠᠬᠤ ᠬᠤᠷᠠᠯ᠂ ᠶᠠᠷᠢᠶ᠎ᠠ ᠢᠯᠡᠳᠬᠡᠯ ᠤᠨ ᠤᠷᠤᠯᠳᠤᠭᠠᠨ᠂ ᠮᠡᠳᠡᠯᠭᠡ ᠶᠢᠨ ᠤᠷᠤᠯᠳᠤᠭᠠᠨ ᠵᠡᠷᠭᠡ ᠬᠡᠯᠪᠡᠷᠢ ᠪᠠᠷ ᠵᠠᠯᠠᠭᠤ ᠺᠠᠳ᠋ᠷᠴᠤᠳ ᠤᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠵᠠᠢ᠃ 2024 ᠣᠨ ᠠᠴᠠ ᠨᠠᠰᠢ᠂ ᠵᠠᠯᠠᠭᠤ ᠺᠠᠳ᠋ᠷᠴᠤᠳ ᠤᠨ ᠪᠠᠶᠢᠴᠠᠭᠠᠨ ᠰᠤᠳᠤᠯᠤᠯᠲᠠ ᠶᠢ 2 ᠤᠳᠠᠭ᠎ᠠ ᠥᠷᠨᠢᠭᠦᠯᠵᠦ᠂ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠢ 2 ᠤᠳᠠᠭ᠎ᠠ ᠬᠤᠷᠠᠯᠳᠤᠭᠤᠯᠵᠤ᠂ ᠵᠠᠯᠠᠭᠤ ᠺᠠᠳ᠋ᠷᠴᠤᠳ ᠤᠨ ᠶᠠᠷᠢᠶ᠎ᠠ ᠢᠯᠡᠳᠬᠡᠯ ᠤᠨ ᠤᠷᠤᠯᠳᠤᠭᠠᠨ᠂ ᠮᠡᠳᠡᠯᠭᠡ ᠶᠢᠨ ᠤᠷᠤᠯᠳᠤᠭᠠᠨ ᠵᠡᠷᠭᠡ ᠡᠯ᠎ᠡ ᠲᠦᠷᠦᠯ ᠤᠨ ᠠᠵᠢᠯᠯᠠᠭ᠎ᠠ ᠶᠢ 15 ᠤᠳᠠᠭ᠎ᠠ ᠥᠷᠨᠢᠭᠦᠯᠵᠦ᠂ 170 ᠭᠠᠷᠤᠢ ᠬᠥᠮᠥᠨ ᠤᠳᠠᠭ᠎ᠠ ᠣᠷᠣᠯᠴᠠᠵᠠᠢ᠃     ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠᠷ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠬᠠᠳᠠᠨ ᠵᠣᠷᠢᠭ ᠢ ᠳᠠᠪᠲᠠᠨ ᠪᠣᠯᠪᠠᠰᠤᠷᠠᠭᠤᠯᠤᠨ᠎ᠠ     3 ᠠᠴᠠ 5 ᠵᠢᠯ ᠠᠵᠢᠯᠯᠠᠭᠰᠠᠨ ᠺᠠᠳ᠋ᠷ ᠢᠶᠠᠷ ᠭᠤᠣᠯᠳᠠᠯᠭ᠎ᠠ ᠪᠣᠯᠭᠠᠨ᠂ ᠰᠠᠯᠠᠭᠠᠨ ᠲᠡᠰ ᠤᠨ ᠺᠠᠳ᠋ᠷ ᠢ ᠬᠥᠮᠥᠵᠢᠭᠦᠯᠬᠦ ᠪᠠᠷ ᠬᠠᠷᠠᠯᠲᠠ ᠪᠣᠯᠭᠠᠵᠤ᠂ ᠪᠠᠷᠠᠭᠤᠨ ᠦᠵᠦᠮᠦᠴᠢᠨ ᠬᠤᠰᠢᠭᠤ ᠨᠢ ᠪᠠᠰᠠ ᠵᠠᠯᠠᠭᠤ ᠺᠠᠳ᠋ᠷᠴᠤᠳ ᠲᠤ ︽ᠭᠤᠷᠪᠠᠨ ᠵᠦᠢᠯ ᠤᠨ ᠢᠨᠵᠧᠨᠧᠷᠢᠩ︾ ᠢ ᠲᠣᠭᠲᠠᠭᠠᠨ ᠥᠭᠴᠡᠢ᠃ ︽ᠤᠯᠤᠰ ᠲᠦᠷᠦ ᠶᠢᠨ ᠬᠠᠪᠰᠤᠷᠤᠨ ᠵᠢᠯᠣᠭᠤᠳᠤᠭᠴᠢ︾᠂ ︽ᠨᠡᠷᠡᠳᠤ ᠪᠠᠭᠰᠢ ᠶᠢᠨ ᠬᠢᠴᠢᠶᠡᠯ ᠤᠨ ᠲᠠᠩᠬᠢᠮ︾ ᠵᠡᠷᠭᠡ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠲᠤᠰ ᠭᠠᠵᠠᠷ ᠣᠷᠣᠨ ᠤ ᠪᠠᠨ ᠬᠤᠪᠢᠰᠬᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠢᠭᠠᠨ ᠰᠤᠷᠭᠠᠯᠲᠠ ᠶᠢᠨ ᠱᠤᠭᠤᠮ ᠢ ᠨᠠᠷᠢᠨ ᠨᠢᠮᠪᠠᠢ  ᠰᠤᠳᠤᠯᠤᠨ᠂ ᠭᠦᠨᠵᠡᠭᠡᠶᠢᠷᠡᠬᠦ ᠮᠠᠶ᠋ᠢᠭ ᠤᠨ ᠵᠢᠭᠠᠨ ᠰᠤᠷᠭᠠᠯᠲᠠ ᠶᠢ ᠵᠣᠬᠢᠶᠠᠨ ᠪᠠᠶᠢᠭᠤᠯᠵᠤ᠂ ᠵᠠᠯᠠᠭᠤ ᠺᠠᠳ᠋ᠷᠴᠤᠳ ᠢ ᠬᠥᠲᠥᠯᠥᠨ ᠵᠢᠯᠤᠭᠤᠳᠴᠤ ᠵᠥᠪ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠤᠢ ᠪᠣᠯᠭᠠᠨ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠰᠤᠷᠲᠠᠯ ᠢ ᠨᠢ ᠪᠠᠲᠤᠳᠬᠠᠵᠠᠢ᠃ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠲᠤᠷᠰᠢᠯᠭ᠎ᠠ ᠪᠠᠷ ᠪᠠᠶᠠᠯᠢᠭ 8 ᠤᠳᠤᠷᠢᠳᠬᠤ ᠺᠠᠳ᠋ᠷ ᠢ ᠤᠷᠢᠵᠤ ᠵᠠᠯᠠᠭᠤ ᠺᠠᠳ᠋ᠷᠴᠤᠳ ᠲᠤ ᠬᠢᠴᠢᠶᠡᠯ ᠣᠷᠤᠭᠤᠯᠵᠤ᠂ 20 ᠭᠠᠷᠤᠢ ᠬᠥᠮᠥᠨ ᠤᠳᠠᠭ᠎ᠠ ᠳᠤ ᠪᠣᠯᠪᠠᠰᠤᠷᠠᠯ ᠬᠦᠷᠲᠡᠭᠡᠵᠡᠢ᠃ ᠬᠥᠭᠵᠢᠯᠲᠡ ᠶᠢᠨ ᠳᠠᠯᠳᠠ ᠬᠦᠴᠦᠨ ᠲᠠᠢ 66 ᠵᠠᠯᠠᠭᠤ ᠺᠠᠳ᠋ᠷ ᠢ ᠰᠣᠩᠭᠤᠨ ᠲᠣᠮᠢᠯᠠᠵᠤ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠹᠷᠣᠨᠲ ᠲᠤ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠣᠭᠤᠷᠢᠨ ᠪᠠᠶᠢᠴᠠᠭᠠᠬᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠲᠤᠰᠬᠠᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠣᠷᠣᠯᠴᠠᠭᠤᠯᠵᠤ᠂ ᠲᠡᠳᠡᠨ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠪᠠ ᠬᠦᠴᠢᠷᠲᠡᠢ ᠠᠵᠢᠯ ᠤᠨ ᠪᠠᠶᠢᠷᠢ ᠳᠤ ᠳᠠᠪᠲᠠᠨ ᠪᠣᠯᠪᠠᠰᠤᠷᠠᠭᠤᠯᠵᠤ᠂ ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠨᠢ ᠲᠡᠭᠡᠭᠰᠢᠯᠡᠭᠦᠯᠵᠡᠢ᠃ ᠡᠯ᠎ᠡ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯ ᠤᠨ ᠬᠡᠷᠡᠭᠴᠡᠭᠡ ᠲᠠᠢ ᠤᠶᠠᠯᠳᠤᠭᠤᠯᠤᠨ᠂ ᠲᠤᠰᠬᠠᠢ ᠰᠡᠳᠦᠪᠲᠦ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠤᠷᠢᠳ ᠬᠤᠵᠢᠳ 150 ᠭᠠᠷᠤᠢ ᠵᠠᠯᠠᠭᠤ ᠺᠠᠳ᠋ᠷᠴᠤᠳ ᠢ ᠵᠣᠬᠢᠶᠠᠨ ᠪᠠᠶᠢᠭᠤᠯᠤᠨ ᠱᠧᠨᠵᠧᠨ᠂ ᠰᠢᠶᠠᠮᠧᠨ᠂ ᠪᠡᠭᠡᠵᠢᠩ ᠵᠡᠷᠭᠡ ᠬᠥᠭᠵᠢᠭᠰᠡᠨ ᠭᠠᠵᠠᠷ ᠣᠷᠣᠨ ᠳᠤ ᠣᠴᠢᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ᠂ ᠶᠡᠭᠡ ᠲᠤᠭ᠎ᠠ ᠪᠠᠷᠢᠮᠲᠠ ᠶᠢᠨ ᠬᠡᠷᠡᠭᠯᠡᠯᠲᠡ ᠵᠡᠷᠭᠡ  ᠰᠢᠨᠵᠢᠯᠡᠬᠦ ᠤᠬᠠᠭᠠᠨ ᠮᠡᠷᠭᠡᠵᠢᠯ ᠪᠠ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠰᠤᠷᠤᠯᠴᠠᠭᠤᠯᠵᠤ᠂ ᠵᠠᠯᠠᠭᠤ ᠺᠠᠳ᠋ᠷᠴᠤᠳ ᠤᠨ ᠴᠢᠳᠠᠪᠤᠷᠢ ᠬᠡᠪ ᠴᠢᠨᠠᠷ ᠢ ᠬᠥᠭᠵᠢᠯᠲᠡ ᠶᠢᠨ ᠰᠢᠨ᠎ᠡ ᠪᠠᠶᠢᠳᠠᠯ  ᠲᠠᠢ ᠵᠣᠬᠢᠴᠠᠭᠤᠯᠵᠤ᠂ ᠠᠵᠢᠯ ᠤᠨ ᠪᠠᠶᠢᠷᠢ ᠶᠢᠨ ᠱᠠᠭᠠᠷᠳᠠᠯᠭ᠎ᠠ ᠲᠠᠢ ᠵᠣᠬᠢᠴᠠᠭᠤᠯᠪᠠ᠃     ︽ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠬᠦᠴᠦᠨ ᠢ ᠨᠢᠭᠲᠠᠷᠠᠭᠤᠯᠬᠤ︾ ᠪᠠᠷ ᠦᠢᠯᠡᠳᠦᠯ ᠴᠢᠳᠠᠪᠬᠢ ᠶᠢ ᠪᠠᠳᠠᠷᠠᠭᠤᠯᠤᠨ᠎ᠠ     ᠰᠢᠨ᠎ᠡ ᠪᠠᠷ ᠳᠡᠪᠰᠢᠭᠦᠯᠦᠨ ᠲᠣᠮᠢᠯᠠᠭᠰᠠᠨ ᠰᠠᠯᠠᠭᠠᠨ ᠳᠡᠰ ᠤᠨ ᠵᠠᠯᠠᠭᠤ ᠺᠠᠳ᠋ᠷ ᠪᠣᠯᠣᠨ ᠳᠡᠪᠰᠢᠭᠦᠯᠬᠦ ᠬᠢᠷᠢ ᠬᠡᠮ ᠤᠨ ᠨᠥᠬᠦᠴᠡᠯ ᠳᠤ ᠬᠦᠷᠦᠭᠰᠡᠨ ᠵᠠᠯᠠᠭᠤ ᠺᠠᠳ᠋ᠷ ᠢᠶᠠᠷ ᠭᠤᠣᠯᠳᠠᠯᠭ᠎ᠠ ᠪᠣᠯᠭᠠᠵᠤ᠂ ᠪᠠᠷᠠᠭᠤᠨ ᠦᠵᠦᠮᠦᠴᠢᠨ ᠬᠤᠰᠢᠭᠤ ᠨᠢ ᠵᠠᠯᠠᠭᠤ ᠺᠠᠳ᠋ᠷᠴᠤᠳ ᠲᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠥᠷᠭᠡᠨ ᠠᠭᠤᠳᠠᠮ ᠲᠠᠪᠴᠠᠩ ᠪᠠᠶᠢᠭᠤᠯᠤᠨ ᠥᠭᠴᠦ᠂ ᠰᠢᠯᠢᠳᠡᠭ ᠵᠠᠯᠠᠭᠤ  ᠺᠠᠳ᠋ᠷᠴᠤᠳ ᠤᠨ ᠠᠪᠢᠶᠠᠰ ᠴᠢᠳᠠᠪᠤᠷᠢ ᠶᠢ ᠨᠢ ᠢᠯᠡᠷᠡᠭᠦᠯᠵᠦ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢ ᠲᠣᠬᠢᠷᠠᠭᠤᠯᠬᠤ ᠳᠠᠭᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯ ᠦᠢᠯᠡᠰ ᠪᠦᠲᠦᠭᠡᠳᠡᠭ ᠰᠢᠯᠢᠳᠡᠭ ᠵᠠᠯᠠᠭᠤ ᠺᠠᠳ᠋ᠷ ᠢ ᠠᠳᠠᠯᠢᠬᠠᠨ ᠨᠥᠬᠦᠴᠡᠯ ᠳᠣᠣᠷ᠎ᠠ ᠤᠷᠢᠳᠠᠪᠠᠷ ᠪᠣᠳᠣᠯᠬᠢᠯᠠᠵᠤ᠂ ᠤᠷᠢᠳᠠᠪᠠᠷ  ᠬᠡᠷᠡᠭᠯᠡᠨ᠂ ᠵᠠᠯᠠᠭᠤ ᠺᠠᠳ᠋ᠷ ᠢ ︽ᠰᠢᠨ᠎ᠡ ᠬᠦᠴᠦᠨ︾ ᠠᠴᠠ ︽ᠭᠤᠣᠯ ᠬᠦᠴᠦᠨ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ 2024 ᠣᠨ ᠠᠴᠠ ᠨᠠᠰᠢ ᠨᠢᠭᠡᠨᠲᠡ 51 ᠵᠠᠯᠠᠭᠤ ᠺᠠᠳ᠋ᠷ  ᠢ ᠰᠣᠩᠭᠤᠨ ᠳᠡᠪᠰᠢᠭᠦᠯᠵᠡᠢ᠃ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠲᠠᠯ᠎ᠠ ᠪᠠᠷ᠂ ᠰᠢᠨ᠎ᠡ ᠶᠢ ᠡᠭᠦᠳᠬᠦ ᠴᠢᠳᠠᠪᠤᠷᠢ ᠶᠢ ᠴᠢᠬᠤᠯᠠ ᠬᠢᠨᠠᠨ ᠰᠢᠯᠭᠠᠬᠤ ᠭᠦᠢᠴᠡᠳᠬᠡᠯ ᠲᠤᠭ᠎ᠠ ᠪᠣᠯᠭᠠᠵᠤ᠂ ᠵᠠᠯᠠᠭᠤ ᠰᠢᠯᠢᠳᠡᠭ ᠡᠪ ᠬᠠᠮᠲᠤ ᠨᠠᠮ  ᠤᠨ ᠭᠡᠰᠢᠭᠦᠨ᠂ ᠰᠢᠯᠢᠳᠡᠭ ᠨᠠᠮ ᠤᠨ ᠠᠵᠢᠯᠲᠠᠨ ᠢ ᠰᠢᠯᠭᠠᠷᠠᠭᠤᠯᠤᠨ ᠬᠥᠬᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠢᠭᠡ ᠵᠢᠯ ᠤᠨ ᠳᠣᠲᠣᠷ᠎ᠠ ᠰᠢᠨ᠎ᠡ  ᠶᠢ ᠡᠭᠦᠳᠦᠨ ᠪᠣᠳᠠᠲᠠᠢ  ᠠᠵᠢᠯᠯᠠᠭᠰᠠᠨ 5 ᠨᠡᠶᠢᠲᠡᠯᠢᠭ ᠵᠢᠱᠢᠶ᠎ᠡ ᠶᠢ ᠪᠤᠢ ᠪᠣᠯᠭᠠᠪᠠ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠴᠢᠩᠭ᠎ᠠ ᠬᠠᠮᠢᠶᠠᠷᠴᠤ ᠰᠠᠶᠢᠲᠤᠷ ᠬᠠᠯᠠᠮᠵᠢᠯᠠᠬᠤ ᠶᠢ ᠴᠢᠩᠭᠠᠳᠬᠠᠵᠤ᠂ ︽3 ᠰᠠᠷ᠎ᠠ ᠶᠢᠨ ᠠᠵᠢᠭᠯᠠᠯᠲᠠ ᠶᠢᠨ ᠬᠤᠭᠤᠴᠠᠭ᠎ᠠ︾ ᠶᠢᠨ ᠳᠦᠷᠢᠮ ᠢ ᠬᠡᠷᠡᠭᠵᠢᠭᠦᠯᠵᠦ᠂ ᠰᠢᠨ᠎ᠡ ᠪᠠᠷ ᠳᠡᠪᠰᠢᠭᠦᠯᠦᠭᠰᠡᠨ ᠺᠠᠳ᠋ᠷ ᠲᠤ ᠤᠯᠤᠰ ᠲᠥᠷᠥ ᠶᠢᠨ ᠭᠡᠷ ᠤᠨ ᠰᠣᠷᠪᠤᠯᠵᠢᠯᠠᠭ᠎ᠠ ᠬᠢᠬᠦ ᠪᠠ ᠪᠠᠶᠢᠩᠭᠤ ᠶᠢᠨ ᠴᠢᠨᠠᠷᠲᠠᠢ ᠶᠠᠷᠢᠯᠴᠠᠬᠤ᠂ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠤᠯᠤᠰ ᠲᠦᠷᠦ ᠶᠢᠨ ᠭᠡᠷ ᠤᠨ ᠰᠣᠷᠪᠤᠯᠵᠢᠯᠠᠭ᠎ᠠ ᠬᠢᠬᠦ ᠵᠡᠷᠭᠡ ᠠᠷᠭ᠎ᠠ ᠵᠠᠮ ᠢᠶᠠᠷ ᠳᠠᠮᠵᠢᠭᠤᠯᠵᠤ᠂ ᠰᠢᠨ᠎ᠡ ᠪᠠᠷ ᠳᠡᠪᠰᠢᠭᠦᠯᠦᠭᠰᠡᠨ ᠵᠠᠯᠠᠭᠤ ᠺᠠᠳ᠋ᠷᠴᠤᠳ  ᠤᠨ ︽ᠨᠠᠢᠮᠠᠨ ᠴᠠᠭ ᠠᠴᠠ ᠭᠠᠳᠠᠨᠠᠬᠢ︾ ᠢᠯᠡᠷᠡᠯ ᠢ ᠴᠠᠭ ᠲᠤᠬᠠᠢ ᠳᠤᠨᠢ ᠡᠵᠡᠮᠰᠢᠵᠦ᠂ ᠺᠠᠳ᠋ᠷᠴᠤᠳ ᠤᠨ ᠦᠵᠡᠯ ᠰᠠᠨᠠᠭ᠎ᠠ ᠪᠠ ᠠᠵᠢᠯ ᠤᠨ ᠪᠠᠶᠢᠳᠠᠯ ᠢ ᠣᠶᠢᠯᠭᠠᠨ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠣᠳᠣᠬᠠᠨ ᠳᠤ ᠨᠡᠶᠢᠳᠡ 36 ᠬᠥᠮᠥᠨ ᠤᠳᠠᠭ᠎ᠠ ᠶᠠᠷᠢᠯᠴᠠᠵᠤ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠳᠠᠮᠵᠢᠭᠤᠯᠤᠭᠰᠠᠨ ᠪᠥᠭᠡᠳ ᠵᠠᠯᠠᠭᠤ ᠺᠠᠳ᠋ᠷᠴᠤᠳ ᠤᠨ ᠵᠥᠪ ᠢᠶᠠᠷ ᠦᠰᠦᠨ ᠬᠦᠮᠦᠵᠢᠬᠦ  ᠶᠢ ᠠᠬᠢᠭᠤᠯᠤᠭᠰᠠᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号