4 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠠᠷᠪᠠᠨ ᠭᠤᠷᠪᠠᠳᠤᠭᠠᠷ | ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 113 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ | ᠬᠤᠷᠠᠯ ᠢ ᠡᠷᠭᠢᠯᠡᠨ ᠬᠤᠷᠠᠯᠳᠤᠭᠤᠯᠵᠤ᠂ 3 ᠰᠠᠷ᠎ᠠ ᠶᠢᠨ 31 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠰᠢ ᠶᠢᠨ | ᠫᠢᠩ ᠶᠡᠷᠦᠩᠬᠡᠢ ᠱᠦᠵᠢ ᠶᠢᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠳᠦᠷᠢᠮ︾᠂ ︽ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠠᠭᠤᠷᠮᠠᠭᠯᠠᠬᠤ ᠶᠢ ᠰᠡᠷᠭᠡᠶᠢᠯᠡᠬᠦ | ᠪᠠ ᠵᠠᠯᠬᠠᠭᠠᠨ ᠰᠢᠢᠳᠬᠡᠬᠦ ᠬᠢᠨᠠᠨ ᠪᠠᠶᠢᠴᠠᠭᠠᠬᠤ ᠠᠵᠢᠯ ᠤᠨ ᠲᠣᠭᠲᠠᠭᠠᠯ︾ ︽ᠲᠤᠭ᠎ᠠ ᠪᠦᠷᠢᠳᠬᠡᠯ ᠳᠤ ᠬᠢᠨᠠᠯᠲᠠ | ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠢ ᠰᠠᠨᠠᠯ︾ ᠢ | ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠰᠤᠳᠤᠯᠵᠤ ᠬᠢᠨᠠᠨ ᠵᠥᠪᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠳᠤᠮᠳᠠᠳᠤ ᠤᠯᠤᠰ ᠤᠨ ᠡᠪ ᠬᠠᠮᠳ᠋ᠪ᠊ ᠨᠠᠮ ᠤᠨ ᠲᠥᠪ ᠬᠤᠷᠢᠶᠠᠨ ᠤ | ᠤᠯᠤᠰ ᠳᠦᠷᠪ᠊ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠨᠡᠶᠢᠰᠯᠡᠯ ᠤᠨ ᠮᠣᠳᠣ ᠲᠠᠷᠢᠬᠤ ᠡᠳᠦᠷ ᠤᠨ ᠠᠵᠢᠯᠯᠠᠭ᠎ᠠ ᠳᠤ ᠣᠷᠣᠯᠴᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ ᠨᠤᠲᠤᠭ ᠪᠡᠯᠴᠢᠭᠡᠷ ᠤᠨ ᠠᠮᠢ ᠠᠬᠤᠢ ᠶᠢ | ᠬᠠᠮᠠᠭᠠᠯᠠᠬᠤ ᠪᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠᠷ ᠭᠤᠣᠯ ᠴᠢᠭᠯᠡᠯ ᠪᠣᠯᠭᠠᠵᠤ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠬᠤ ᠬᠡᠷᠡᠭᠲᠡᠢ᠃ | ᠰᠢ ᠶᠢᠨ ᠫᠢᠩ ᠶᠡᠷᠦᠩᠬᠡᠢ ᠱᠦᠵᠢ ᠶᠢᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠲᠦᠷᠦ ᠶᠢᠨ | ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ ᠭᠡᠵᠡᠢ᠃ | ᠬᠤᠷᠠᠯ ᠠᠴᠠ ᠪᠠᠷᠠᠭᠤᠨ ᠦᠵᠦᠮᠦᠴᠢᠨ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ | ᠠᠬᠢᠭᠤᠯᠬᠤ 2025 ᠣᠨ ᠤ ᠡᠭᠦᠷᠭᠡ ᠶᠢᠨ ᠨᠠᠷᠢᠨ ᠲᠠᠩᠰᠠ ᠶᠢ ᠬᠢᠨᠠᠨ ᠵᠥᠪᠯᠡᠵᠦ ᠰᠤᠳᠤᠯᠬᠤ ᠶᠢᠨ ᠬᠠᠮᠲᠤ ᠡᠯ᠎ᠡ | ᠰᠠᠯᠠᠭ᠎ᠠ ᠮᠥᠴᠢᠷ ᠨᠢᠭᠡᠴᠡ ᠨᠢ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠡᠭᠦᠷᠭᠡ ᠪᠠᠨ ᠰᠠᠨᠠᠭᠠᠴᠢᠯᠠᠭ᠎ᠠ | ᠠᠴᠠ ᠪᠠᠨ ᠲᠠᠨᠢᠵᠤ᠂ ᠪᠥᠬᠦ ᠵᠢᠯ ᠤᠨ ᠡᠯ᠎ᠡ ᠵᠦᠢᠯ ᠤᠨ ᠠᠵᠢᠯ ᠲᠠᠢ ᠤᠶᠠᠯᠳᠤᠭᠤᠯᠤᠨ᠂ ᠭᠤᠣᠯᠳᠠᠯᠭ᠎ᠠ ᠶᠢ | ᠠᠳᠬᠤᠵᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ᠂ | ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ | ᠲᠤᠤᠱᠯᠠᠭᠤᠯᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠡᠬᠢ ᠡᠭᠦᠰᠦᠯ ᠠᠴᠠ ᠨᠢ ᠵᠠᠰᠠᠬᠤ ᠶᠢ | ᠪᠠᠷᠢᠮᠲᠠᠯᠠᠵᠤ᠂ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ | ᠲᠠᠯ᠎ᠠ ᠪᠠᠷ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ᠂ ᠭᠤᠣᠯ ᠨᠠᠭᠤᠷ ᠨᠤᠭᠤ ᠭᠠᠵᠠᠷ ᠢ | ᠬᠠᠮᠠᠭᠠᠯᠠᠨ ᠰᠡᠷᠭᠦᠭᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠥᠬᠦ | ᠬᠤᠰᠢᠭᠤᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠡᠨᠧᠷᠭᠢ ᠶᠢᠨ | ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠮᠠᠨ ᠤ ᠬᠤᠰᠢᠭᠤᠨ ᠤ ᠪᠠᠨ ᠳᠠᠪᠠᠭᠤᠯᠢᠭ ᠡᠬᠢ ᠪᠠᠶᠠᠯᠢᠭ ᠲᠤ ᠰᠠᠭᠤᠷᠢᠯᠠᠨ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠡᠬᠢ ᠪᠠᠶᠠᠯᠢᠭ ᠤᠨ ᠳᠠᠪᠠᠭᠤᠯᠢᠭ ᠢ ᠠᠯᠢ | ᠲᠦᠷᠭᠡᠨ ᠢᠶᠠᠷ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠤᠮᠠᠷᠠᠰᠢ ᠨᠡᠭᠡᠭᠡᠯᠲᠡ ᠬᠢᠬᠦ | ᠪᠠᠬᠢᠯᠡᠯᠲᠡ ᠶᠢᠨ ᠲᠠᠯ᠎ᠠ ᠪᠠᠷ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠣᠶᠣᠯ ᠵᠢᠭᠤᠯᠴᠢᠯᠠᠯ ᠵᠡᠷᠭᠡ | ᠬᠦᠷᠢᠶ᠎ᠡ ᠬᠡᠪᠴᠢᠶᠡᠨ ᠳᠠᠬᠢ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ | ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ᠃ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠠᠯ᠎ᠠ ᠪᠠᠷ᠂ ᠴᠠᠭᠠᠨ ᠢᠳᠡᠭᠡ᠂ ᠦᠬᠡᠷ ᠬᠤᠨᠢᠨ ᠮᠢᠬ᠎ᠠ ᠵᠡᠷᠭᠡ ᠳᠠᠪᠠᠭᠤᠯᠢᠭ ᠣᠨᠴᠠᠯᠢᠭᠲᠤ ᠪᠦᠲᠦᠭᠡᠭᠳᠡᠬᠦᠨ ᠤ | ᠲᠣᠭᠤᠷᠢᠨ ᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠬᠢᠷᠢ | ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠤᠯᠠᠮ | ᠨᠢᠭᠡ ᠠᠯᠬᠤᠮ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃ | ᠬᠤᠷᠠᠯ ᠠᠴᠠ ︽ᠪᠠᠷᠠᠭᠤᠨ ᠦᠵᠦᠮᠦᠴᠢᠨ ᠬᠤᠰᠢᠭᠤᠨ ᠤ ᠤᠳᠬ᠎ᠠ ᠤᠷᠠᠯᠢᠭ ᠤᠨ ᠰᠣᠳᠣᠨ ᠪᠦᠲᠦᠭᠡᠯ ᠢ | ᠱᠠᠩᠨᠠᠨ ᠬᠥᠬᠢᠭᠦᠯᠬᠦ ᠪᠠ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠲᠡᠳᠬᠦᠬᠦ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠬᠢᠨᠠᠨ ᠵᠥᠪᠯᠡᠵᠦ ᠰᠤᠳᠤᠯᠪᠠ᠃ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ | ᠪᠦᠲᠦᠭᠡᠯᠭᠡ ᠶᠢ ᠲᠡᠳᠬᠦᠨ ᠳᠡᠮᠵᠢᠬᠦ ᠪᠠᠷ ᠳᠠᠮᠵᠢᠭᠤᠯᠤᠨ᠂ ᠪᠥᠬᠦ ᠬᠤᠰᠢᠭᠤᠨ ᠤ ᠤᠳᠬ᠎ᠠ ᠤᠷᠠᠯᠢᠭ ᠤᠨ | ᠠᠵᠢᠯᠲᠠᠳ ᠢ ᠬᠥᠲᠥᠯᠥᠨ ᠵᠢᠯᠤᠭᠤᠳᠴᠤ ᠵᠣᠷᠢᠭᠵᠢᠭᠤᠯᠤᠨ᠂ ᠡᠯᠪᠡᠭ ᠪᠠᠶᠠᠯᠢᠭ ᠰᠣᠶᠣᠯ ᠤᠨ ᠠᠭᠤᠯᠬᠤᠨ ᠪᠠ | ᠵᠢᠭᠤᠯᠴᠢᠯᠠᠯ ᠤᠨ ᠡᠬᠢ ᠪᠠᠶᠠᠯᠢᠭ ᠤᠨ ᠲᠣᠭᠤᠷᠢᠨ ᠳᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠ ᠠᠷᠠᠳ ᠲᠦᠮᠡᠨ ᠤ ᠣᠶᠤᠨ ᠰᠠᠨᠠᠭᠠᠨ ᠤ | ᠬᠦᠴᠦᠨ ᠢ ᠨᠡᠮᠡᠭᠳᠡᠭᠦᠯᠬᠦ ᠶᠢ ᠨᠢᠭᠡᠳᠬᠡᠭᠰᠡᠨ ᠨᠠᠩ ᠣᠯᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ | ᠪᠦᠲᠦᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ | ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠡᠭᠦᠳᠴᠦ᠂ ᠤᠮᠠᠷᠠᠲᠤ ᠬᠢᠯᠢ ᠶᠢᠨ ᠰᠣᠶᠣᠯ ᠢ ᠳᠡᠯᠭᠡᠷᠡᠭᠦᠯᠬᠦ | ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ | | |