ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ —— ᠲᠣᠭᠤᠳᠠᠭ ᠰᠢᠪᠠᠭᠤ ᠦᠵᠦᠮᠦᠴᠢᠨ ᠨᠤᠳᠤᠭ ᠲᠤ ᠰᠠᠭᠠᠳᠠᠯ᠎ᠠ
ᠨᠡᠶᠢᠲᠡᠯᠡᠭᠰᠡᠨ ᠴᠠᠭ᠄
2025/4/14
   ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠦᠷᠦᠭᠡᠰᠦᠲᠠᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ 40 ᠭᠠᠷᠤᠢ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠳᠠᠨ ᠪᠤᠯᠬᠤ ᠲᠣᠭᠤᠳᠠᠭ ᠰᠢᠪᠠᠭᠤ ᠰᠠᠭᠠᠳᠠᠵᠤ᠂ ᠦᠵᠦᠮᠦᠴᠢᠨ ᠨᠤᠳᠤᠭ ᠤᠨ ᠤᠶᠠᠬᠠᠨ ᠬᠠᠪᠤᠷ ᠲᠤ ᠠᠮᠢᠵᠢᠷᠠᠯ ᠤᠨ ᠬᠦᠴᠦᠨ ᠨᠡᠮᠡᠷᠢᠯᠡᠯ᠎ᠡ᠃
      ᠲᠠᠯ᠎ᠠ ᠨᠤᠳᠤᠭ ᠤᠨ ᠦᠷᠬᠡᠨ ᠵᠠᠢ ᠳᠤ᠂ ᠲᠣᠭᠤᠳᠠᠭ ᠰᠢᠪᠠᠭᠤ ᠰᠦᠷᠦᠭᠯᠡᠨ ᠪᠠᠭᠤᠵᠤ᠂  ᠬᠠᠶᠠ ᠥᠨᠳᠥᠷ ᠲᠤ ᠳᠡᠪᠬᠡᠷᠦᠨ᠂ ᠬᠠᠶᠠ ᠳᠠᠭᠠᠨ ᠭᠠᠵᠠᠷ ᠠᠯᠬᠤᠯᠠᠨ᠂ ᠬᠦᠵᠦᠭᠦᠦ ᠪᠠᠨ ᠰᠤᠩᠭᠠᠨ᠂ ᠤᠷᠠᠨ  ᠪᠦᠵᠢᠵᠦ᠂  ᠭᠠᠩᠭᠠᠩ ᠵᠢᠪᠬᠤᠭᠠᠯᠢᠭ ᠲᠦᠷᠢ ᠲᠦᠷᠬᠦ ᠪᠠᠷ ᠢᠶᠠᠨ ︽ᠬᠠᠨᠢ ᠢᠵᠢᠯᠢ︾ ᠶᠢᠨ ᠢᠶᠠᠨ ᠠᠩᠬᠠᠷᠤᠯ ᠢ ᠲᠠᠳᠠᠵᠤ᠂ ᠦᠷ᠎ᠡ ᠤᠳᠤᠮ   ᠢᠶᠠᠨ ᠦᠨᠢᠷ ᠦᠰᠬᠡᠬᠦ ᠨᠠᠨᠳᠢᠨ ᠡᠭᠦᠷᠭᠡ ᠪᠠᠨ ᠬᠦᠢᠴᠡᠳᠬᠡᠬᠦ ᠪᠠᠷ ᠠᠵᠠ ᠵᠢᠷᠭᠠᠯᠲᠠᠢ ᠪᠠᠶᠠᠰᠤᠯᠳᠤᠨ᠎ᠠ᠃
        ᠪᠠᠷᠠᠭᠤᠨ ᠦᠵᠦᠮᠦᠴᠢᠨ ᠬᠤᠰᠢᠭᠤᠨ ᠤ  ᠬᠦᠷᠦᠭᠡᠰᠦᠲᠠᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ᠂ ᠲᠤᠭᠤᠳᠠᠭ ᠰᠢᠪᠠᠭᠤ ᠠᠴᠠ ᠭᠠᠳᠠᠨ᠎ᠠ᠂ ᠠᠯᠲᠠᠨ ᠪᠦᠷᠭᠦᠳ᠂  ᠬᠠᠷ᠎ᠠ ᠲᠠᠰ᠂ ᠬᠠᠷ᠎ᠠ ᠦᠷᠪᠢ᠂ ᠪᠦᠷᠬᠦᠳ ᠵᠡᠷᠭᠡ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ 9 ᠵᠦᠢᠯ ᠤᠨ ᠠᠮᠢᠲᠠᠨ ᠵᠢᠴᠢ ᠲᠤᠷᠤᠭ ᠪᠤᠭᠤ᠂ ᠰᠢᠯᠦᠭᠦᠰᠦ᠂ ᠤᠯᠠᠭᠠᠨ ᠦᠨᠡᠭᠡ᠂ ᠢᠷᠪᠢᠰ ᠮᠤᠤᠷ᠂ ᠬᠤᠨ ᠭᠠᠯᠠᠭᠤ᠂ ᠤᠷᠠᠨ ᠬᠠᠵᠢᠨ᠂ ᠲᠣᠭᠤᠷᠤᠤ ᠵᠡᠷᠭᠡ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ 34 ᠵᠦᠢᠯ ᠤᠨ ᠠᠮᠢᠲᠠᠨ ᠢᠳᠡᠭᠡᠰᠢᠨ ᠨᠤᠳᠤᠭᠯᠠᠵᠤ᠂ ᠡᠨᠡ ᠬᠦ ᠬᠠᠮᠠᠭᠠᠯᠠᠯᠲᠠ ᠶᠢᠨ ᠣᠷᠣᠨ ᠢ ᠬᠤᠪᠣᠷ ᠴᠤᠬᠠᠭ ᠠᠮᠢᠲᠠᠨ ᠤ ᠬᠠᠯᠠᠭᠤᠨ ᠳᠤᠯᠠᠭᠠᠨ ᠭᠡᠷ ᠣᠷᠣᠨ ᠪᠣᠯᠭᠠᠵᠠᠢ᠃  ᠮᠦᠨᠴᠦ ᠠᠳᠡᠬᠢ ᠨᠢ ᠲᠣᠭᠤᠳᠠᠭ᠂ ᠬᠠᠷ᠎ᠠ ᠦᠷᠪᠢ ᠵᠡᠷᠭᠡ ᠬᠤᠪᠣᠷ ᠴᠤᠬᠠᠭ ᠰᠢᠪᠠᠭᠤᠨ ᠤ ᠲᠥᠷᠥᠯ ᠤᠨ ᠦᠷᠡᠵᠢᠨ ᠤᠯᠠᠰᠢᠷᠠᠬᠤ ᠥᠯᠥᠭᠡᠢ ᠨᠤᠳᠤᠭ ᠪᠤᠯᠬᠤ ᠪᠠᠷ ᠪᠠᠷᠠᠬᠤ ᠦᠭᠡᠢ᠂ ᠨᠠᠩ ᠴᠤ ᠵᠡᠭᠦᠨ ᠬᠤᠶᠢᠲᠤ ᠶᠢᠨ ᠪᠤᠭᠤ ᠶᠢᠨ ᠤᠷᠤᠰᠢᠨ ᠲᠤᠭᠳᠠᠨᠢᠬᠤ ᠭᠤᠤᠯ  ᠴᠡᠩᠭᠡᠯ ᠤᠨ ᠣᠷᠣᠨ ᠪᠣᠯᠬᠤ ᠶᠤᠮ᠃
    ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠠᠮᠢ ᠨᠠᠰᠤᠨ ᠤ ᠬᠠᠮᠲᠤ ᠶᠢᠨ ᠴᠣᠭᠴᠠ ᠪᠠᠷ ᠦᠵᠡᠵᠦ᠂ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠵᠠᠰᠠᠵᠤ᠂ ᠤᠢ ᠰᠢᠭᠤᠢ ᠨᠤᠲᠤᠭ ᠪᠡᠯᠴᠢᠭᠡᠷ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠶᠢ ᠶᠡᠬᠡᠪᠡᠷ ᠠᠬᠢᠭᠤᠯᠤᠭᠰᠠᠭᠠᠷ ᠢᠷᠡᠵᠠᠢ᠃
          ᠨᠡᠩ ᠢᠯᠠᠩᠭᠤᠶ᠎ᠠ ᠪᠠᠶᠢᠭᠠᠯᠢ ᠶᠢᠨ ᠤᠢ ᠰᠢᠭᠤᠢ ᠶᠢ ᠬᠠᠮᠠᠭᠠᠯᠠᠬᠤ᠂ ᠪᠡᠯᠴᠢᠭᠡᠷ ᠰᠡᠷᠭᠦᠭᠡᠬᠦ᠂ ᠠᠷᠠᠳ ᠢ ᠨᠡᠭᠦᠯᠭᠡᠬᠦ ᠂ ᠠᠮᠢ ᠠᠬᠤᠢ ᠶᠢ ᠰᠡᠷᠭᠦᠭᠡᠨ ᠵᠠᠰᠠᠬᠤ ᠵᠡᠷᠭᠡ ᠠᠯᠢ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠵᠤ᠂ ᠲᠤᠬᠠᠢ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠤᠷᠤᠨ ᠨᠤᠳᠤᠭ ᠢ ᠪᠦᠬᠦ ᠲᠠᠯ᠎ᠠ ᠪᠠᠷ᠂ ᠤᠯᠠᠨ ᠲᠡᠰ ᠳᠠᠪᠬᠤᠷᠭ᠎ᠠ ᠪᠠᠷ ᠪᠦᠲᠦᠮᠵᠢᠲᠡᠢ ᠬᠠᠮᠠᠭᠠᠯᠠᠭᠰᠠᠨ ᠠᠴᠠ ᠭᠡᠭᠡᠷ᠎ᠡ ᠶᠢᠨ ᠠᠮᠢᠲᠠᠨ ᠤ ᠲᠥᠷᠥᠯ ᠵᠦᠢᠯ ᠪᠠ ᠲᠤᠭ᠎ᠠ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠨ᠂  ᠭᠡᠭᠡᠷ᠎ᠡ ᠶᠢᠨ ᠠᠮᠢᠳᠠᠳ ᠤᠨ ᠨᠤᠳᠤᠭᠰᠢᠨ ᠦᠷᠡᠵᠢᠬᠦ ᠨᠠᠨᠳᠢᠨ ᠪᠠᠭᠤᠴᠠ ᠪᠤᠯᠵᠤ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠯ ᠲᠠᠢ ᠤᠷᠤᠰᠢᠨ ᠲᠤᠭᠳᠠᠨᠢᠬᠤ ᠢᠷᠠᠭᠤ ᠰᠠᠶᠢᠬᠠᠨ ᠠᠶᠠᠰ ᠢ  ᠴᠢᠪᠬᠠᠳᠠᠵᠠᠢ᠃     ᠪᠠᠷᠠᠭᠤᠨ ᠦᠵᠦᠮᠦᠴᠢᠨ ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠬᠢ ᠢᠳᠡᠪᠬᠢᠲᠡᠢ ᠰᠦᠪᠡᠭᠴᠢᠯᠡᠯᠲᠡ ᠪᠠ ᠢᠯᠡᠳᠲᠡ ᠦᠷ᠎ᠡ ᠪᠦᠲᠦᠭᠡᠯ ᠨᠢ ᠪᠥᠬᠦ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠡᠷᠬᠢᠮ ᠨᠠᠨᠳᠢᠨ ᠥᠯᠢᠭᠡᠷ ᠵᠢᠱᠢᠶ᠎ᠡ ᠬᠠᠩᠭᠠᠵᠤ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠤᠷᠤᠰᠢᠨ ᠲᠤᠭᠳᠠᠨᠢᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠤᠨ ᠪᠤᠳᠠᠳᠤ ᠵᠢᠷᠤᠭᠯᠠᠯ  ᠪᠤᠯᠵᠤ᠂ ᠬᠤᠪᠣᠷ ᠴᠤᠬᠠᠭ ᠠᠮᠢᠲᠠᠨ ᠤ ᠨᠤᠳᠤᠭᠰᠢᠨ ᠦᠷᠡᠵᠢᠬᠦ  ᠬᠦᠨᠲᠦ ᠡᠭᠦᠷᠬᠡ ᠶᠢ ᠦᠷᠬᠦᠯᠵᠢᠯᠡᠨ ᠠᠴᠢᠶᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ  ᠤᠷᠤᠨ ᠤ ᠬᠡᠷᠡᠯ ᠭᠢᠯᠪᠠᠭ᠎ᠠ ᠪᠠᠨ  ᠰᠠᠴᠤᠷᠠᠭᠤᠯᠤᠨᠠᠮ᠃
   ᠬᠦᠷᠦᠭᠡᠰᠦᠲᠠᠢ  ᠪᠠᠶᠢᠭᠠᠯᠢ  ᠶᠢᠨ  ᠬᠠᠮᠠᠭᠠᠯᠠᠯᠲᠠ   ᠶᠢᠨ  ᠣᠷᠣᠨ ᠤ  ᠠᠵᠢᠯᠲᠠᠨ  ᠵᠣᠣ  ᠱᠠᠨ  ᠱᠠᠨ᠄ ︽ᠮᠠᠨ ᠤ ᠬᠠᠮᠠᠭᠠᠯᠠᠯᠲᠠ ᠶᠢᠨ ᠣᠷᠣᠨ ᠳᠤ  ᠤᠳᠤᠬᠠᠨ ᠪᠤᠯᠳᠠᠯ᠎ᠠ 40 ᠭᠠᠷᠤᠢ ᠲᠤᠭᠤᠳᠠᠭ ᠰᠢᠪᠠᠭᠤ ᠶᠢ ᠢᠯᠡᠷᠡᠬᠦᠯᠦᠭᠰᠡᠨ ᠪᠠᠶᠢᠨ᠎ᠠ᠃ ᠤᠳᠤᠬᠠᠨ ᠳᠤ ᠲᠤᠭᠤᠳᠠᠭ ᠰᠢᠪᠠᠭᠤ   ᠶᠢᠨ ᠤᠷᠤᠭᠠᠨ ᠤ ᠴᠠᠭ ᠪᠠᠶᠢᠵᠤ᠂ ᠡᠷᠡᠭᠴᠢᠨ ᠲᠤᠭᠤᠳᠠᠭ ᠨᠢ  ᠬᠦᠵᠦᠭᠦᠦ ᠪᠠᠨ ᠰᠤᠩᠭᠠᠬᠤ ᠵᠡᠷᠭᠡ ᠡᠯᠳᠡᠪ ᠶᠠᠩᠵᠤ ᠶᠢᠨ  ᠦᠢᠯᠡ ᠬᠦᠳᠡᠯᠦᠯ ᠢᠶᠠᠷ ᠡᠮᠡᠭᠴᠢᠨ ᠲᠤᠭᠤᠳᠠᠭ ᠤᠨ ᠠᠩᠬᠠᠷᠤᠯ ᠢ  ᠲᠠᠳᠠᠵᠤ ᠬᠠᠨᠢ ᠢᠵᠢᠯᠢ ᠪᠠᠨ ᠰᠤᠩᠭᠤᠳᠠᠭ᠃ ᠮᠦᠨᠴᠦ ᠡᠨᠡᠬᠦ ᠠᠵᠢᠯᠯᠠᠭ᠎ᠠ ᠨᠢ ᠶᠡᠷᠦ ᠳᠡᠭᠡᠨ ᠠᠷᠪᠠᠨ ᠬᠡᠳᠦᠨ ᠰᠧᠺᠦ᠋ᠨ᠋ᠳ᠋ ᠠᠴᠠ ᠬᠡᠳᠦᠨ ᠮᠢᠨᠦ᠋ᠲ ᠦᠷᠭᠦᠯᠵᠢᠯᠡᠵᠦ᠂ ᠡᠮᠡᠭᠴᠢᠨ ᠲᠤᠭᠤᠳᠠᠭ ᠤᠨ ᠰᠣᠨᠢᠷᠬᠠᠯ ᠢ ᠲᠠᠲᠠᠬᠤ ᠪᠣᠯᠲᠠᠯ᠎ᠠ ᠦᠷᠭᠦᠯᠵᠢᠯᠡᠳᠡᠭ᠃ ᠡᠮᠡᠭᠴᠢᠨ ᠲᠤᠭᠤᠳᠠᠭ ᠥᠨᠳᠡᠭᠡᠯᠡᠭᠰᠡᠨ ᠤ ᠪᠠᠨ ᠳᠠᠷᠠᠭ᠎ᠠ ᠭᠠᠭᠴᠠᠭᠠᠷ ᠢᠶᠠᠨ ᠨᠡᠪᠴᠢᠭᠦᠯᠬᠦ ᠪᠠ ᠠᠩᠭᠠᠬᠠᠢ ᠲᠡᠵᠢᠭᠡᠬᠦ ᠬᠠᠷᠢᠭᠤᠴᠠᠯᠭ᠎ᠠ ᠶᠢ ᠡᠭᠦᠷᠭᠡᠯᠡᠵᠦ᠂ ᠶᠡᠷᠦ ᠳᠡᠭᠡᠨ ᠵᠢᠯ ᠪᠦᠷᠢ 1 ᠡᠭᠦᠷ ᠥᠨᠳᠡᠭᠡᠯᠡᠵᠦ᠂ ᠡᠭᠦᠷ ᠪᠦᠷᠢ  ᠳᠤ 2  ᠦᠨᠳᠡᠭᠡ ᠨᠡᠪᠴᠢᠭᠦᠯᠳᠡᠭ᠃ ᠡᠬᠦᠨ ᠠᠴᠠ ᠪᠤᠰᠤᠳ  ᠦᠵᠡᠭᠳᠡᠯ  ᠨᠢ ᠲᠤᠩ ᠴᠦᠬᠡᠨ ᠬᠠᠷᠠᠭᠳᠠᠳᠠᠭ  ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号