2 ᠰᠠᠷ᠎ᠠ ᠶᠢᠨ 28 ᠤ ᠡᠳᠦᠷ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠡᠭᠡᠵᠢᠩ ᠳᠤ | ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠵᠢᠴᠢ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠬᠤᠷᠠᠯᠳᠣᠭᠤᠯᠤᠨ᠂ ᠪᠦᠬᠦ ᠤᠯᠤᠰ ᠤᠨ︽3·8︾ ᠤ ᠤᠯᠠᠭᠠᠨ ᠲᠤᠭᠴᠢ ᠶᠢᠨ ᠵᠢᠱᠢᠶᠡᠴᠢ᠂ ᠪᠦᠬᠦ | ᠤᠯᠤᠰ ᠤᠨ ︽3·8︾ ᠤ ᠤᠯᠠᠭᠠᠨ ᠲᠤᠭᠴᠢ᠂ ᠪᠦᠬᠦ ᠤᠯᠤᠰ ᠤᠨ ︽3· 8︾ ᠤ ᠤᠯᠠᠭᠠᠨ ᠲᠤᠭ ᠤᠨ ᠬᠠᠮᠲᠤ | ᠨᠢᠬᠡᠴᠠ᠂ ᠪᠦᠬᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ ᠶᠢ ᠬᠥᠬᠢᠭᠦᠯᠦᠨ ᠰᠠᠶᠢᠰᠢᠶᠠᠪᠠ᠃ | ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠨᠢ ︽ᠪᠦᠬᠦ ᠤᠯᠤᠰ ᠤᠨ ᠡᠮᠡᠭᠲᠡᠶᠢᠴᠦᠳ ᠤᠨ ᠪᠣᠯᠪᠠᠰᠤᠨ | ᠠᠵᠢᠯ ᠤᠨ ᠪᠠᠶᠢᠷᠢ︾ ᠶᠢᠨ ᠢᠷᠠᠭᠤ ᠠᠯᠳᠠᠷ ᠢ ᠬᠦᠷᠲᠡᠵᠦ᠂ ᠭᠠᠵᠠᠷ ᠣᠷᠣᠨ ᠤ ᠰᠣᠶᠣᠯ ᠤᠨ ᠦᠢᠯᠡᠰ ᠲᠤ ᠥᠩᠭᠡ | ᠭᠢᠯᠪᠠᠭ᠎ᠠ ᠨᠡᠮᠡᠷᠢᠯᠡᠭᠰᠡᠨ ᠪᠠᠶᠢᠨ᠎ᠠ᠃ | ︽ᠪᠥᠬᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ︾ ᠶᠢᠨ ᠢᠷᠠᠭᠤ ᠠᠯᠳᠠᠷ ᠨᠢ | ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠠᠵᠢᠯ ᠢ ᠦᠨᠳᠣᠷ ᠦᠨᠡᠯᠡᠭᠰᠡᠨ ᠢᠶᠠᠷ ᠪᠠᠷᠠᠬᠤ ᠦᠭᠡᠢ | ᠂ ᠨᠠᠩ ᠴᠤ ᠲᠡᠳᠡᠨ ᠤ ᠡᠷᠡᠯᠬᠡᠭᠯᠡᠨ ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠬᠤ ᠶᠤᠮ᠃ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠨᠢ ᠲᠣᠰ | ᠤᠳᠠᠭᠠᠨ ᠤ ᠬᠥᠬᠢᠭᠦᠯᠦᠯ ᠢᠶᠠᠷ ᠵᠤᠷᠢᠭᠵᠢᠭᠤᠯᠤᠯ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ | ᠢᠮᠠᠭᠲᠠ ᠪᠠᠲᠤ ᠴᠡᠭᠡᠵᠢᠯᠡᠵᠦ᠂ ᠰᠣᠶᠣᠯ ᠢ ᠤᠯᠠᠮᠵᠢᠯᠠᠬᠤ ᠪᠠ ᠰᠢᠨ᠎ᠡ ᠶᠢ ᠡᠭᠦᠳᠬᠦ ᠵᠠᠮ ᠢᠶᠠᠷ ᠭᠤᠶᠢᠪᠢᠰᠢ ᠦᠭᠡᠢ | ᠤᠷᠤᠭᠰᠢᠯᠠᠵᠤ᠂ ᠨᠡᠩ ᠤᠯᠠᠨ ᠰᠢᠯᠢᠳᠡᠭ ᠰᠠᠶᠢᠨ ᠤᠳᠬ᠎ᠠ ᠤᠷᠠᠯᠢᠭ ᠤᠨ ᠪᠦᠲᠦᠭᠡᠯ ᠢ ᠵᠤᠬᠢᠶᠠᠨ ᠪᠦᠳᠦᠬᠡᠵᠦ ᠂ | ᠦᠨᠳᠦᠰᠦᠲᠡᠨ ᠤ ᠪᠦᠯᠬᠦᠮᠳᠡᠯ ᠤᠨ ᠬᠦᠴᠦᠷᠬᠡᠭ ᠶᠡᠭᠡ ᠬᠦᠴᠦᠨ ᠢ ᠴᠢᠨᠠᠭᠰᠢᠳᠠ ᠨᠢᠭᠲᠠᠷᠠᠭᠤᠯᠵᠤ᠂ ᠨᠤᠲᠤᠭ | ᠤᠰᠤᠨ ᠤ ᠪᠠᠨ ᠬᠥᠭᠵᠢᠯ ᠪᠠᠳᠠᠷᠠᠯ ᠤᠨ ᠠᠶᠠᠰ ᠢ ᠬᠠᠩᠭᠢᠨᠠᠭᠤᠯᠵᠤ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠪᠣᠯᠣᠨ | ᠡᠮᠡᠭᠲᠡᠶᠢᠴᠦᠳ ᠤᠨ ᠴᠤᠭ ᠵᠢᠪᠬᠤᠭ᠎ᠠ ᠶᠢ ᠲᠠᠯ᠎ᠠ ᠨᠤᠲᠤᠭ ᠤᠨ ᠭᠠᠵᠠᠷ ᠪᠣᠯᠭᠠᠨ ᠳᠤ ᠭᠡᠷᠡᠯ ᠭᠢᠯᠪᠠᠭ᠎ᠠ ᠪᠠᠨ | ᠰᠠᠴᠣᠷᠠᠭᠤᠯᠬᠤ ᠪᠤᠯᠤᠨ᠎ᠠ ᠃ | ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠨᠠᠮ ᠤᠨ ᠡᠭᠦᠷ ᠤᠨ ᠲᠠᠳ᠋ ᠱᠦᠵᠢ | ᠰᠣᠯᠤᠩᠭᠤᠸ᠎ᠠ ᠄ ︽ ᠡᠨᠡ ᠢᠷᠡᠭᠤ ᠠᠯᠳᠠᠷ ᠨᠢ ᠪᠢᠳᠡᠨ ᠳᠤ ᠲᠤᠩ ᠶᠡᠭᠡ ᠤᠷᠮᠠᠰᠢᠭᠤᠯᠤᠯ ᠵᠤᠷᠢᠭᠵᠢᠭᠤᠯᠤᠯ | ᠪᠤᠯᠵᠡᠢ᠃ ᠣᠯᠠᠨ ᠵᠢᠯ ᠤᠨ ᠲᠤᠷᠰᠢ᠂ ᠮᠠᠨ ᠤ ᠤᠯᠠᠭᠠᠨᠮᠥ᠋ᠴᠢᠷ ᠤᠨ ᠡᠭᠡᠴᠢ ᠳᠡᠭᠦᠦ ᠨᠠᠷ ᠬᠠᠲᠠᠭᠤᠯᠵᠢᠳᠠᠢ | ᠠᠵᠢᠯᠯᠠᠵᠦ ᠂ ᠤᠯᠠᠨ ᠲᠦᠮᠠᠨ ᠤ ᠰᠣᠶᠤᠯ ᠤᠨ ᠠᠮᠢᠳᠤᠷᠠᠯ ᠢ ᠪᠠᠶᠠᠯᠢᠭᠵᠢᠭᠤᠯᠬᠤ᠂ ᠦᠨᠳᠦᠰᠦᠲᠡᠨ ᠤ ᠰᠣᠶᠣᠯ ᠢ | ᠤᠯᠠᠮᠵᠢᠯᠠᠨ ᠵᠠᠯᠭᠠᠮᠵᠢᠯᠠᠬᠤ ᠳᠤ ᠵᠠᠶᠢᠯᠠᠭᠤᠯᠵᠦ ᠪᠤᠯᠤᠰᠢ ᠦᠬᠡᠢ ᠬᠤᠪᠢ ᠨᠠᠮᠠᠷᠢ ᠪᠠᠨ ᠦᠵᠡᠬᠦᠯᠵᠦ ᠢᠷᠡᠭᠰᠡᠨ ᠶᠤᠮ᠃ | ᠬᠤᠵᠢᠮ ᠪᠢᠳᠠ ᠡᠨᠡᠭᠦ ᠵᠣᠷᠢᠭ ᠰᠠᠨᠠᠭ᠎ᠠ ᠪᠠᠨ ᠦᠷᠬᠦᠵᠢᠯᠠᠨ ᠪᠠᠲᠠᠷᠠᠭᠤᠯᠤᠨ᠂ ᠬᠤᠰᠢᠭᠤ ᠨᠤᠳᠤᠭ ᠤᠨ ᠢᠶᠠᠨ | ᠰᠣᠶᠤᠯ ᠤᠷᠠᠯᠢᠭ ᠤᠨ ᠦᠢᠯᠠᠰ ᠲᠤ ᠨᠢᠭᠡᠨ ᠮᠦᠷᠣᠨ ᠤ ᠬᠤᠪᠢ ᠨᠠᠮᠠᠷᠢ ᠢᠶᠠᠨ ᠦᠵᠡᠬᠦᠯᠦᠨ᠎ᠠ 》ᠭᠡᠯᠡ᠃ | |