ᠪᠠᠷᠠᠭᠤᠨ ᠦᠵᠦᠮᠦᠴᠢᠨ ᠬᠤᠰᠢᠭᠤᠨ ᠤ ᠣᠯᠠᠨ ᠰᠠᠯᠠᠭ᠎ᠠ ᠮᠥᠴᠢᠷ ᠣᠨᠴᠠᠭᠠᠶ ᠴᠠᠭ ᠠᠭᠤᠷ ᠢ ᠠᠷᠭᠠᠴᠠᠬᠤ ᠰᠡᠷᠭᠡᠶᠢᠯᠡᠯᠲᠡ ᠶᠢ ᠴᠢᠩᠭᠠᠳᠬᠠᠬᠤ ᠲᠤᠬᠠᠢ ᠵᠥᠪᠳᠡᠯᠴᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/14
    ᠪᠠᠷᠠᠭᠤᠨ ᠦᠵᠦᠮᠦᠴᠢᠨ ᠬᠤᠰᠢᠭᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ᠂ 4 ᠰᠠᠷ᠎ᠠ ᠶᠢᠨ 11  ᠤ ᠡᠳᠦᠷ  ᠤᠨ ᠦᠳᠡ ᠶᠢᠨ ᠬᠤᠶᠢᠨ᠎ᠠ ᠠᠴᠠ 13  ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠳᠤ ᠶᠡᠭᠡ ᠰᠠᠯᠬᠢᠯᠠᠵᠤ᠂ ᠠᠭᠠᠷ ᠤᠨ ᠳᠤᠯᠠᠭᠠᠨ ᠳᠣᠷᠣᠭᠰᠢᠯᠠᠬᠤ ᠶᠢᠨ ᠬᠠᠮᠲᠤ ᠴᠠᠰᠤ ᠰᠢᠭᠤᠷᠭ᠎ᠠ ᠲᠠᠢ ᠴᠠᠭ ᠠᠭᠤᠷ ᠢᠯᠡᠷᠡᠬᠦ ᠪᠣᠯᠣᠨ᠎ᠠ᠃ 4 ᠰᠠᠷ᠎ᠠ ᠶᠢᠨ 11  ᠤ ᠡᠳᠦᠷ ᠤᠨ ᠦᠳᠡ ᠶᠢᠨ ᠡᠮᠦᠨ᠎ᠡ᠂  ᠬᠤᠰᠢᠭᠤ ᠳᠡᠳ᠋ ᠳᠠᠷᠤᠭ᠎ᠠ ᠷᠧᠨ ᠳ᠋ᠧ ᠰᠢᠨ ᠲᠣᠰ ᠤᠳᠠᠭᠠᠨ ᠤ ᠣᠨᠴᠠᠭᠠᠶ ᠴᠠᠭ ᠠᠭᠤᠷ ᠤᠨ ᠶᠠᠪᠤᠴᠠ ᠳᠤ ᠴᠢᠭᠯᠡᠭᠦᠯᠦᠭᠰᠡᠨ ᠣᠯᠠᠨ ᠰᠠᠯᠠᠭ᠎ᠠ ᠮᠥᠴᠢᠷ ᠤᠨ ᠬᠠᠮᠲᠤᠪᠠᠷ ᠰᠤᠳᠤᠯᠤᠨ ᠮᠠᠭᠠᠳᠯᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠳᠤ᠂ ᠬᠤᠰᠢᠭᠤ ᠴᠠᠭ ᠠᠭᠤᠷ ᠤᠨ ᠲᠣᠪᠴᠢᠶᠠᠨ ᠤ ᠲᠣᠰ ᠤᠳᠠᠭᠠᠨ ᠤ ᠶᠡᠭᠡ ᠰᠠᠯᠬᠢ ᠪᠠ ᠪᠣᠷᠣᠭᠠᠨ ᠴᠠᠰᠤᠲᠤ ᠴᠠᠭ ᠠᠭᠤᠷ ᠤᠨ ᠲᠤᠬᠠᠶ ᠵᠢᠱᠢᠯᠲᠡ ᠵᠠᠳᠠᠯᠤᠯᠲᠠ ᠶᠢᠨ ᠪᠠᠶᠢᠳᠠᠯ ᠢ ᠰᠣᠨᠣᠰᠴᠤ᠂  ᠳᠠᠷᠠᠭ᠎ᠠ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠭᠡᠴᠡ ᠨᠢ ᠡᠷᠬᠡᠪᠰᠢ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠲᠠᠶᠢᠪᠤᠰᠢᠷᠠᠬᠤ ᠦᠵᠡᠯ ᠰᠠᠨᠠᠭ᠎ᠠ ᠪᠣᠯᠤᠨ ᠠᠵᠠ ᠬᠠᠷᠠᠭᠰᠠᠨ ᠪᠤᠳᠤᠯ ᠢ ᠡᠷᠡᠰ ᠲᠡᠪᠴᠢᠵᠦ᠂ ᠲᠤᠰ ᠤᠳᠠᠭᠠᠨ ᠤ ᠶᠡᠭᠡ ᠰᠠᠯᠬᠢ᠂ ᠴᠠᠰᠤ ᠪᠣᠷᠣᠭᠠᠨ ᠲᠠᠢ ᠴᠠᠭ ᠠᠭᠤᠷ ᠤᠨ ᠦᠷᠭᠦᠯᠵᠢᠯᠡᠬᠦ ᠴᠠᠭ ᠨᠢ ᠤᠷᠳᠤ᠂ ᠬᠠᠮᠤᠷᠬᠤ ᠬᠡᠪᠴᠢᠶ᠎ᠡ ᠨᠢ ᠥᠷᠭᠡᠨ ᠵᠡᠷᠭᠡ ᠢᠯᠡᠷᠬᠡᠢ ᠣᠨᠴᠠᠯᠢᠭ ᠢ ᠭᠦᠢᠴᠡᠳ ᠲᠠᠨᠢᠵᠤ᠂ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠷᠭᠠᠴᠠᠨ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠤᠳᠠ ᠶᠢᠨ ᠲᠣᠭᠲᠠᠭᠤᠨ ᠡᠮᠬᠢ ᠵᠢᠷᠤᠮ ᠲᠠᠢ  ᠪᠠᠶᠢᠳᠠᠯ ᠢ ᠬᠠᠮᠠᠭᠠᠯᠠᠬᠤ ᠬᠡᠷᠡᠭᠲᠡᠢ᠃ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠦᠷᠭᠦᠯᠵᠢᠯᠡᠨ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠶᠢ ᠨᠠᠷᠢᠨ ᠠᠩᠬᠠᠷᠴᠤ᠂ ᠴᠢᠭᠯᠡᠯᠲᠦ ᠴᠢᠨᠠᠷᠲᠠᠶ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ ᠂ ᠰᠡᠷᠡᠮᠵᠢᠯᠡᠭᠦᠯᠬᠦ ᠮᠡᠳᠡᠭᠡ ᠵᠠᠩᠭᠢ ᠪᠣᠯᠤᠨ ᠭᠠᠮᠰᠢᠭ ᠤᠨ ᠲᠦᠭᠰᠢᠭᠦᠷᠢ ᠶᠢᠨ ᠰᠠᠨᠠᠭᠤᠯᠤᠮᠵᠢ ᠶᠢ ᠣᠯᠠᠨ ᠠᠷᠭ᠎ᠠ ᠵᠠᠮ᠂ ᠣᠯᠠᠨ ᠬᠡᠯᠪᠡᠷᠢ ᠮᠠᠶ᠋ᠢᠭ ᠢᠶᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠠᠷᠭᠠᠴᠠᠬᠤ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠤᠳᠤᠯᠭ᠎ᠠ ᠶᠢ ᠰᠤᠳᠤᠯᠤᠨ ᠮᠠᠭᠠᠳᠯᠠᠬᠤ ᠪᠠ ᠠᠵᠢᠯ ᠤᠨ ᠲᠤᠬᠢᠷᠠᠭᠤᠯᠤᠯᠳᠠ ᠶᠢ ᠴᠠᠭ ᠲᠤᠬᠠᠢ ᠳᠤᠨᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠰᠠᠯᠠᠭ᠎ᠠ ᠮᠥᠴᠢᠷ ᠨᠢ ᠬᠠᠮᠵᠢᠯᠴᠠᠨ ᠠᠵᠢᠯᠯᠠᠬᠤ ᠪᠠᠨ ᠴᠢᠩᠭᠠᠳᠬᠠᠵᠤ᠂ ᠲᠤᠰ ᠤᠳᠠᠭᠠᠨ ᠤ ᠣᠨᠴᠠᠭᠠᠢ ᠴᠠᠭ ᠠᠭᠤᠷ ᠤᠨ ᠶᠠᠪᠤᠴᠠ ᠶᠢ ᠰᠡᠷᠭᠡᠶᠢᠯᠡᠨ ᠠᠷᠭᠠᠴᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ ᠭᠡᠵᠡᠢ᠃      ᠡᠯ᠎ᠡ ᠰᠤᠮᠤ ᠪᠠᠯᠭᠠᠰᠤ᠂ ᠬᠤᠰᠢᠭᠤ ᠭᠠᠮᠰᠢᠭ ᠢ ᠪᠠᠭᠠᠰᠬᠠᠬᠤ ᠵᠥᠪᠯᠡᠯ᠂ ᠠᠵᠤ  ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ  ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号