ᠪᠠᠷᠠᠭᠤᠨ ᠦᠵᠦᠮᠦᠴᠢᠨ ᠬᠤᠰᠢᠭᠤᠨ ᠤ ᠬᠠᠷᠢᠶᠠᠨ ᠳᠠᠬᠢ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠶᠡᠷᠦᠩᠬᠡᠶᠢᠯᠡᠨ | ᠵᠠᠰᠠᠬᠤ ᠲᠠᠯᠠᠪᠠᠢ ᠨᠢ ᠨᠡᠶᠢᠲᠡ 434.63 ᠲᠦᠮᠡᠨ ᠮᠦ ᠪᠠᠶᠢᠵᠤ ᠂ ᠡᠨᠡ ᠨᠢ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ | ᠵᠠᠰᠠᠬᠤ ᠢᠨᠵᠧᠨᠧᠷᠢᠩ ᠤᠨ ᠭᠤᠣᠯᠳᠠᠯᠭ᠎ᠠ ᠲᠠᠢ ᠣᠷᠣᠨ ᠪᠠᠶᠢᠵᠤ᠂ ᠤᠮᠠᠷᠠᠲᠤ ᠶᠢᠨ ᠠᠮᠢ ᠠᠬᠤᠢ ᠶᠢ ᠬᠠᠮᠠᠭᠠᠯᠠᠬᠤ ᠴᠢᠬᠤᠯᠠ | ᠡᠭᠦᠷᠭᠡ ᠶᠢ ᠡᠭᠦᠷᠭᠡᠯᠡᠵᠦ ᠪᠠᠶᠢᠳᠠᠭ᠃ | ᠣᠶᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤ ᠦᠵᠦᠮᠦᠴᠢᠨ ᠣᠷᠣᠨ ᠤ ᠬᠤᠯᠠᠨ ᠰᠢᠷᠭ᠎ᠠ ᠳᠠᠭ᠎ᠠ ᠶᠢᠨ | ᠡᠯᠡᠰᠦ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ 2025 ᠣᠨ ᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ ᠃ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠬᠠᠳᠣᠵᠤ ᠳᠡᠭᠰᠢᠯᠡᠬᠦ ᠨᠢ ᠪᠤᠲᠠᠯᠢᠭ ᠮᠣᠳᠣᠨ ᠤ ᠡᠷᠡᠭᠦᠯ ᠢᠶᠠᠷ | ᠣᠷᠭᠤᠵᠤ ᠥᠰᠬᠦ ᠳᠤ ᠠᠰᠢᠭᠲᠠᠢ ᠪᠠᠶᠢᠵᠤ᠂ ᠡᠯᠡᠰᠦᠷᠬᠡᠭ ᠭᠠᠵᠠᠷ ᠤᠨ ᠤᠷᠭᠤᠮᠠᠯ ᠤᠨ ᠬᠤᠴᠢᠯᠭ᠎ᠠ ᠶᠢᠨ ᠡᠯᠡᠰᠦ ᠶᠢ | ᠲᠣᠭᠲᠠᠪᠤᠷᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠮᠠᠯ ᠠᠵᠤ ᠠᠬᠤᠢ ᠳᠤ ᠴᠢᠨᠠᠷ ᠰᠠᠶᠢᠲᠠᠢ | ᠲᠡᠵᠢᠭᠡᠯ ᠪᠣᠷᠳᠣᠭᠠᠨ ᠤ ᠢᠷᠡᠯᠲᠡ ᠬᠠᠩᠭᠠᠵᠤ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ | ᠵᠡᠷᠭᠡᠪᠡᠷ ᠬᠥᠷᠳᠡᠵᠦ ᠴᠢᠳᠠᠨ᠎ᠠ᠃ ᠡᠨᠡ ᠵᠢᠯ ᠤᠨ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠤᠨ ᠠᠵᠢᠯ ᠨᠢ ᠢᠭᠴᠤ | ᠰᠠᠬᠤᠯᠢᠭ ᠦᠨᠳᠦᠷ ᠤᠷᠭᠤᠭᠰᠠᠨ ᠪᠤᠲᠠᠯᠢᠭ ᠮᠤᠳᠤ ᠶᠢ ᠬᠠᠳᠣᠵᠤ ᠳᠡᠭᠰᠢᠯᠡᠬᠦ ᠠᠵᠢᠯ ᠠᠴᠠ ᠡᠬᠢᠯᠡᠵᠦ ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠢ ᠵᠣᠬᠢᠶᠠᠨ ᠪᠠᠶᠢᠭᠤᠯᠤᠨ ᠠᠵᠢᠯ ᠡᠬᠢᠯᠡᠭᠦᠯᠬᠦ ᠠᠴᠠ ᠡᠮᠦᠨ᠎ᠡ ᠲᠤᠬᠠᠢ ᠶᠢᠨ | ᠭᠠᠵᠠᠷ ᠲᠤᠨᠢ ᠨᠠᠷᠢᠨ ᠨᠢᠮᠪᠠᠢ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠵᠢᠯ ᠤᠨ | ᠲᠥᠰᠥᠯ ᠢ ᠲᠣᠭᠲᠠᠭᠠᠭᠰᠠᠨ ᠪᠥᠭᠡᠳ ᠠᠮᠢ ᠠᠬᠤᠢ ᠶᠢᠨ ᠵᠠᠰᠠᠯᠲᠠ ᠶᠢᠨ ᠲᠤᠰᠬᠠᠢ ᠠᠵᠤ ᠠᠬᠤᠶᠢᠯᠠᠯ ᠢ ᠣᠷᠢᠨ | ᠠᠵᠢᠯᠲᠠᠳ ᠲᠤ ᠲᠤᠰᠬᠠᠢ ᠮᠡᠷᠭᠡᠵᠢᠯ ᠤᠨ ᠪᠤᠯᠪᠠᠰᠣᠷᠠᠯ ᠬᠠᠩᠭᠠᠭᠰᠠᠨ ᠤ ᠬᠠᠮᠲᠤ ᠤᠬᠠᠭᠤᠯᠭ᠎ᠠ ᠰᠣᠷᠲᠠᠯᠴᠢᠯᠠᠭ᠎ᠠ ᠪᠠᠷ ᠳᠠᠮᠵᠢᠨ | ᠲᠤᠬᠠᠢ ᠶᠢᠨ ᠭᠠᠵᠠᠷ ᠤᠨ ᠮᠠᠯᠴᠢᠳ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠤᠯᠠᠮ ᠠᠴᠠ | ᠣᠯᠠᠨ ᠮᠠᠯᠴᠢᠳ ᠡᠯᠡᠰᠦᠷᠬᠡᠭ ᠭᠠᠵᠠᠷ ᠢ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠪᠤᠯᠤᠭᠰᠠᠨ ᠪᠠᠶᠢᠨ᠎ᠠ᠃ | | ᠪᠠᠷᠠᠭᠤᠨ ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠤᠨ ᠤ ᠲᠤᠯᠭ᠎ᠠ ᠭᠠᠴᠠᠭᠠᠨ ᠤ ᠮᠠᠯᠴᠢᠨ ᠭᠠᠪᠢᠶᠠᠲᠤ ᠶᠢᠨ | ᠨᠤᠲᠤᠭ ᠪᠡᠯᠴᠢᠭᠡᠷ ᠤᠨ 1800 ᠭᠠᠷᠣᠢ ᠮᠦ ᠪᠡᠯᠴᠢᠭᠡᠷ ᠨᠢ ᠣᠣᠯ ᠳᠠᠭᠠᠨ ᠡᠯᠡᠰᠦᠷᠬᠡᠭ ᠭᠠᠵᠠᠷ ᠪᠠᠶᠢᠵᠠᠢ᠃ 2004 | ᠣᠨ ᠳᠤ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠠᠴᠠ ᠲᠤᠰ ᠭᠡᠰᠡᠭ ᠡᠯᠡᠰᠦᠷᠬᠡᠭ ᠭᠠᠵᠠᠷ ᠲᠤ ᠦᠵᠦᠮᠦᠴᠢᠨ ᠡᠯᠡᠰᠦ ᠶᠢ | ᠵᠠᠰᠠᠬᠤ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠵᠦ ᠂ ᠵᠢᠵᠢᠭ ᠨᠠᠪᠴᠢᠲᠤ ᠬᠠᠷᠭᠠᠨ᠎ᠠ ᠳᠠᠷᠢᠵᠤ | ᠣᠷᠭᠤᠭᠤᠯᠤᠭᠰᠠᠨ ᠠᠴᠠ ᠡᠯᠡᠰᠦ ᠮᠠᠩᠬ᠎ᠠ ᠲᠣᠭᠲᠠᠪᠤᠷᠢᠵᠢᠨ᠂ ᠠᠮᠢ ᠠᠬᠤᠢ ᠰᠡᠷᠭᠦᠭᠰᠡᠨ ᠪᠠᠶᠢᠨ᠎ᠠ᠃ ᠨᠢᠳᠣᠨᠣᠨ ᠵᠢᠯ ᠡᠨᠡᠬᠦ | ᠭᠡᠰᠡᠭ ᠭᠠᠵᠠᠷ ᠤᠨ ᠬᠠᠷᠭᠠᠨ᠎ᠠ ᠶᠢ ᠲᠠᠯᠠᠪᠠᠢ ᠬᠤᠪᠢᠶᠠᠨ ᠬᠠᠳᠣᠵᠤ ᠳᠡᠭᠰᠢᠯᠡᠬᠦ ᠠᠵᠢᠯ ᠢ ᠶᠠᠪᠤᠭᠳᠠᠭᠤᠯᠵᠤ᠂ ᠵᠢᠵᠢᠭ ᠨᠠᠪᠴᠢᠲᠤ | ᠬᠠᠷᠭᠠᠨ᠎ᠠ ᠶᠢᠨ ᠦᠨᠳᠦᠷ ᠰᠠᠬᠤᠯᠢᠭ ᠤᠷᠭᠤᠬᠤ ᠠᠴᠠ ᠪᠤᠯᠵᠤ ᠦᠬᠦᠵᠦ ᠰᠥᠨᠦᠬᠦ ᠠᠶᠤᠯ ᠢ ᠰᠡᠷᠭᠡᠶᠢᠯᠡᠨ᠂ ᠣᠷᠭᠤᠮᠠᠯ ᠤᠨ | ᠪᠦᠷᠬᠦᠴᠡ ᠶᠢ ᠨᠡᠩ ᠰᠠᠶᠢᠨ ᠬᠠᠮᠠᠭᠠᠯᠠᠵᠤ ᠴᠢᠳᠠᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠦᠵᠦᠮᠦᠴᠢᠨ ᠡᠯᠡᠰᠦ ᠶᠢ ᠵᠠᠰᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 2000 ᠣᠨ ᠠᠴᠠ ᠨᠠᠰᠢ᠂ ᠪᠡᠭᠡᠵᠢᠩ ᠲᠢᠶᠠᠨᠵᠢᠨ ᠤ ᠡᠯᠡᠰᠦᠨ | ᠤ ᠡᠬᠢ ᠶᠢ ᠵᠠᠰᠠᠬᠤ ᠢᠨᠵᠧᠨᠧᠷᠢᠩ ᠢ ᠡᠬᠢᠯᠡᠭᠦᠯᠵᠦ᠂ 2000 ᠣᠨ ᠠᠴᠠ 2022 ᠣᠨ ᠪᠣᠯᠲᠠᠯ᠎ᠠ ᠡᠯᠡᠰᠦᠷᠬᠡᠭ ᠭᠠᠵᠠᠷ | ᠣᠷᠣᠨ ᠳᠤ ︽ᠵᠣᠬᠢᠰᠲᠠᠢ ᠲᠥᠯᠥᠪᠵᠢᠭᠦᠯᠬᠦ᠂ ᠲᠥᠪᠯᠡᠷᠡᠭᠦᠯᠦᠨ ᠵᠠᠯᠭᠠᠯᠳᠤᠭᠤᠯᠬᠤ᠂ ᠤᠷᠢᠳᠠᠪᠠᠷ ᠠᠮᠠᠷᠬᠠᠨ ᠢ ᠨᠢ ᠳᠠᠷᠠᠭ᠎ᠠ | ᠨᠢ ᠬᠦᠴᠢᠷᠲᠡᠢ ᠶᠢ ᠨᠢ ᠵᠠᠰᠠᠬᠤ︾ ᠵᠠᠷᠴᠢᠮ ᠢᠶᠠᠷ ᠪᠢᠲᠡᠭᠦᠮᠵᠢᠯᠡᠬᠦ᠂ ᠣᠶᠢᠵᠢᠭᠤᠯᠬᠤ ᠶᠢ ᠤᠶᠠᠯᠳᠤᠭᠤᠯᠬᠤ᠂ ᠬᠦᠮᠦᠨ ᠤ | ᠬᠦᠴᠦ ᠪᠠᠷ ᠲᠠᠷᠢᠬᠤ᠂ ᠨᠢᠰᠬᠡᠯ ᠢᠶᠠᠷ ᠦᠷ᠎ᠡ ᠰᠠᠴᠤᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠨᠡᠶᠢᠲᠡ 165.05 ᠲᠦᠮᠡᠨ | ᠮᠦ ᠡᠯᠡᠰᠦᠷᠬᠡᠭ ᠭᠠᠵᠠᠷ ᠢ ᠵᠠᠰᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ | ᠬᠥᠭᠵᠢᠯᠲᠡ ᠶᠢ ᠠᠬᠢᠭᠤᠯᠵᠠᠢ᠃ | 2024 ︱ 2030 ᠣᠨ ᠳᠤ ᠦᠵᠦᠮᠦᠴᠢᠨ ᠣᠷᠣᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠲᠥᠷᠥᠯ ᠵᠦᠢᠯ ᠳᠤ ᠨᠡᠶᠢᠲᠡ 56.79 ᠲᠦᠮᠡᠨ ᠮᠦ ᠵᠠᠰᠠᠵᠤ᠂ 11 ᠲᠦᠮᠡᠨ ᠮᠦ ᠶᠢ | ᠪᠠᠬᠢᠵᠢᠭᠦᠯᠬᠦ ᠡᠭᠦᠷᠭᠡ ᠶᠢ ᠪᠡᠶᠡᠯᠡᠭᠦᠯᠬᠦ ᠪᠠᠷ ᠲᠦᠯᠦᠪᠯᠡᠵᠦ᠂ 2025 ᠣᠨ ᠳᠤ 10.6 ᠲᠦᠮᠡᠨ ᠮᠦ ᠡᠯᠡᠰᠦ ᠶᠢ | ᠶᠡᠷᠦᠩᠬᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ᠂ 2024 ᠣᠨ ᠳᠤ 2025 ᠣᠨ ᠤ ᠡᠭᠦᠷᠭᠡ ᠶᠢᠨ 2. | 8 ᠲᠦᠮᠡᠨ ᠮᠦ ᠲᠥᠷᠥᠯ ᠵᠦᠢᠯ ᠢ ᠤᠷᠢᠳᠴᠢᠯᠠᠨ ᠪᠡᠶᠡᠯᠡᠭᠦᠯᠪᠡ᠃ ᠪᠠᠷᠠᠭᠤᠨ ᠦᠵᠦᠮᠦᠴᠢᠨ ᠬᠤᠰᠢᠭᠤ ᠨᠢ ᠠᠭᠤᠯᠠ ᠤᠰᠤ | ᠤᠢ ᠰᠢᠭᠤᠢ ᠲᠠᠷᠢᠶᠠᠨ ᠭᠠᠵᠠᠷ ᠨᠠᠭᠤᠷ ᠴᠥᠬᠦᠷᠦᠮ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠨᠥᠬᠦᠪᠦᠷᠢ ᠱᠠᠩᠨᠠᠯ ᠤᠨ | ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ᠂ ᠠᠮᠢ | ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠪᠤᠯᠤᠨ᠎ᠠ᠃ | | | | | | | | |