ᠪᠠᠷᠠᠭᠤᠨ ᠦᠵᠦᠮᠦᠴᠢᠨ ᠬᠤᠰᠢᠭᠤ ᠬᠠᠮᠲᠤᠷᠠᠯᠴᠠᠭᠠᠨ ᠤ ᠬᠤᠳᠠᠯᠳᠤᠭᠠᠴᠢᠨ ᠤᠷᠢᠵᠤ᠂ ᠭᠡᠷ᠎ᠡ ᠲᠣᠭᠲᠠᠭᠰᠠᠨ ᠲᠥᠷᠥᠯ ᠵᠦᠢᠯ ᠤᠨ ᠪᠥᠬᠦ ᠪᠡᠯᠡ ᠣᠷᠣᠭᠤᠯᠤᠯᠲᠠ 68 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2025/4/15
     ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠦ᠋ᠦᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢᠨ ᠲᠥᠯᠥᠭᠡ᠂ 4 ᠰᠠᠷ᠎ᠠ ᠶᠢᠨ 10 ᠠᠴᠠ 11 ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠴᠢᠨ ᠤᠷᠢᠬᠤ ᠪᠦᠯᠬᠦᠮ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠦᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ᠂ ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ ᠲᠣᠰ ᠤᠳᠠᠭᠠᠨ ᠤ ᠠᠵᠢᠯᠯᠠᠭ᠎ᠠ ᠨᠢ ᠰᠢᠨ᠎ᠡ ᠡᠨᠧᠷᠭᠢ᠂ ᠵᠢᠭᠤᠯᠴᠢᠯᠠᠯ ᠪᠠ ᠡᠷᠡᠭᠦᠯᠵᠢᠯ ᠰᠤᠪᠢᠯᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠬᠠᠮᠲᠤᠷᠠᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠳᠤ ᠰᠠᠭᠤᠷᠢᠯᠠᠨ᠂ ᠬᠤᠶᠠᠷ ᠴᠢᠬᠤᠯᠠ ᠶᠡᠭᠡ ᠲᠥᠷᠥᠯ ᠵᠦᠢᠯ ᠤᠨ ᠭᠡᠷ᠎ᠡ ᠲᠣᠭᠲᠠᠬᠤ ᠶᠢ ᠪᠡᠶᠡᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 68 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ     ︽ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠬᠤᠶᠠᠷ ᠶᠡᠭᠡ ᠭᠤᠣᠯᠳᠠᠯᠭ᠎ᠠ ᠲᠠᠢ ᠲᠦᠷᠦᠯ ᠵᠦᠢᠯ ᠤᠨ ᠬᠡᠯᠡᠯᠴᠡᠭᠡᠷ ᠢ ᠲᠣᠭᠲᠠᠪᠠ    10 ᠤ ᠡᠳᠦᠷ ᠤᠨ ᠦᠳᠡ ᠶᠢᠨ ᠡᠮᠦᠨ᠎ᠡ᠂ ᠬᠤᠳᠠᠯᠳᠤᠭᠠᠴᠢᠨ ᠤᠷᠢᠬᠤ ᠪᠦᠯᠬᠦᠮ ᠨᠢ ︽ᠪᠡᠭᠡᠵᠢᠩ ᠥᠪᠥᠷ ᠮᠣᠩᠭᠤᠯ ᠤᠨ ᠪᠦᠬᠦ ᠲᠠᠯ᠎ᠠ  ᠪᠠᠷ ᠬᠠᠮᠲᠤᠷᠠᠨ ᠠᠵᠢᠯᠯᠠᠵᠤ᠂ ᠭᠠᠷ ᠬᠤᠯᠪᠣᠨ ︿ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ﹀ ᠶᠢ ᠬᠠᠮᠲᠤ ᠪᠠᠷ ᠠᠬᠢᠭᠤᠯᠬᠤ︾ ᠶᠡᠭᠡ ᠬᠤᠷᠠᠯ ᠳᠤ ᠣᠷᠣᠯᠴᠠᠵᠤ᠂ ᠡᠮᠦᠨᠡᠬᠢ ᠬᠤᠭᠤᠴᠠᠭᠠᠨ ᠤ ᠭᠦᠢᠴᠡᠳ ᠵᠣᠯᠭᠠᠯᠴᠠᠭ᠎ᠠ᠂ ᠣᠯᠠᠨ ᠡᠭᠡᠯᠵᠢ ᠶᠢᠨ ᠵᠥᠪᠳᠡᠯᠴᠡᠭᠡ ᠬᠢᠭᠰᠡᠨ ᠰᠠᠭᠤᠷᠢᠨ ᠳᠡᠭᠡᠷ᠎ᠡ᠂ ᠪᠠᠷᠠᠭᠤᠨ ᠦᠵᠦᠮᠦᠴᠢᠨ ᠬᠤᠰᠢᠭᠤ ᠪᠣᠯᠣᠨ ᠪᠡᠭᠡᠵᠢᠩ ᠤᠨ ᠶᠢᠨ ᠦ᠋ ᠰᠢᠩ ᠠᠷᠠᠯᠵᠢᠶ᠎ᠠ ᠬᠤᠳᠠᠯᠳᠤᠭᠠᠨ ᠤ ᠪᠦᠯᠦᠭᠯᠡᠯ ᠪᠠᠯᠭᠠᠷᠭᠤᠣᠯ ᠪᠠᠯᠭᠠᠰᠤᠨ ᠤ ᠵᠢᠭᠤᠯᠴᠢᠯᠠᠯ ᠤᠨ ᠠᠮᠠᠷᠠᠯᠲᠠ ᠶᠢᠨ ᠪᠠᠭᠤᠳᠠᠯ ᠤᠨ ᠲᠥᠷᠥᠯ ᠵᠦᠢᠯ ᠤᠨ ᠬᠡᠯᠡᠯᠴᠡᠭᠡᠷ ᠢ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ  ᠪᠠᠶᠢᠵᠤ᠂ ᠲᠣᠰ ᠲᠥᠷᠥᠯ ᠵᠦᠢᠯ ᠨᠢ ᠪᠠᠷᠠᠭᠤᠨ ᠦᠵᠦᠮᠦᠴᠢᠨ ᠬᠤᠰᠢᠭᠤᠨ ᠤ ᠥᠪᠡᠷᠮᠢᠴᠡ ᠪᠠᠶᠢᠭᠠᠯᠢ ᠶᠢᠨ ᠡᠬᠢ ᠪᠠᠶᠠᠯᠢᠭ ᠪᠠ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠵᠢᠭᠤᠯᠴᠢᠯᠠᠯ᠂ ᠠᠮᠠᠷᠠᠯᠲᠠ᠂ ᠡᠷᠡᠭᠦᠯᠵᠢᠯ ᠰᠤᠪᠢᠯᠠᠯᠲᠠ᠂ ᠴᠠᠰᠤᠨ ᠳᠤ ᠭᠤᠯᠭᠤᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠳᠡᠭᠡᠳᠦ ᠲᠠᠰ ᠤᠨ ᠪᠠᠭᠤᠳᠠᠯ ᠤᠨ ᠪᠦᠯᠦᠭᠯᠡᠯ ᠢ ᠪᠣᠶ ᠪᠣᠯᠭᠠᠵᠤ᠂ ᠵᠢᠱᠢᠯᠲᠡ ᠪᠠᠷ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠭᠥᠯᠢᠶᠡᠨ ᠠᠪᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠠᠶᠢᠴᠢᠯᠠᠨ᠂ ᠶᠡᠭᠡ ᠬᠡᠮᠵᠢᠶᠡᠨ ᠤ ᠠᠵᠢᠯ ᠤᠨ ᠪᠠᠶᠢᠷᠢ ᠶᠢ ᠪᠣᠢ ᠪᠣᠯᠭᠠᠬᠤ ᠪᠣᠯᠣᠨ᠎ᠠ᠃     ᠡᠭᠦᠨ ᠤ ᠬᠠᠮᠲᠤ᠂ ᠪᠠᠷᠠᠭᠤᠨ ᠦᠵᠦᠮᠦᠴᠢᠨ ᠬᠤᠰᠢᠭᠤ ᠬᠤᠸᠠ ᠳ᠋ᠢᠶᠠᠨ ᠪᠦᠯᠦᠭᠯᠡᠯ ᠤᠨ ᠯᠢᠶᠣᠤᠨᠢᠩ ᠳᠠᠬᠢ ᠺᠣᠮᠫᠠᠨᠢ ᠲᠠᠢ ᠨᠡᠶᠢᠲᠡ 66 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠲᠠᠢ ᠰᠠᠯᠬᠢᠨ ᠬᠦᠴᠦᠨ ᠤ ᠴᠠᠬᠢᠯᠭᠠᠨ ᠪᠠ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠵᠢᠴᠢ ᠪᠠᠶᠠᠨᠬᠤᠸᠠ ᠠᠵᠤ ᠦᠢᠯᠡᠳᠪᠦᠷᠢ ᠶᠢᠨ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠲᠣᠰ ᠰᠢᠷᠢᠰ ᠲᠥᠷᠥᠯ ᠵᠦᠢᠯ ᠨᠢ ᠪᠠᠷᠠᠭᠤᠨ ᠦᠵᠦᠮᠦᠴᠢᠨ ᠬᠤᠰᠢᠭᠤᠨ ᠤ ᠡᠯᠪᠡᠭ ᠪᠠᠶᠠᠯᠢᠭ ᠰᠠᠯᠬᠢᠨ ᠤ ᠡᠨᠧᠷᠭᠢ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠳᠡᠯᠡᠬᠡᠢ ᠶᠢᠨ ᠲᠡᠷᠢᠭᠦᠨ ᠤ ᠮᠡᠷᠭᠡᠵᠢᠯ ᠢ ᠬᠡᠷᠡᠭᠯᠡᠨ᠂ ᠪᠠᠶᠢᠭᠤᠯᠤᠭᠳᠠᠭᠰᠠᠨ ᠤ ᠳᠠᠷᠠᠭ᠎ᠠ ᠵᠢᠯ ᠳᠤ 20 ᠲᠦᠮᠡᠨ ᠲᠣᠨ ᠪᠣᠬᠢᠷᠲᠤᠯ ᠦᠭᠡᠢ ᠤᠰᠤᠲᠥ᠋ᠷᠥᠭᠴᠢ ᠦᠢᠯᠡᠳᠪᠦᠷᠢᠯᠡᠵᠦ᠂ ᠮᠠᠨ ᠤ ᠬᠤᠰᠢᠭᠤᠨ ᠤ ᠤᠰᠤᠲᠥ᠋ᠷᠥᠭᠴᠢ ᠶᠢᠨ ᠡᠨᠧᠷᠭᠢ  ᠶᠢᠨ ᠦᠢᠯᠡᠳᠪᠦᠷᠢᠯᠡᠯ ᠤᠨ ᠬᠠᠩᠭᠠᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠴᠡᠪᠡᠷ ᠡᠨᠧᠷᠭᠢ ᠶᠢᠨ ᠠᠰᠢᠭᠯᠠᠯᠲᠠ ᠶᠢᠨ ᠴᠣ ᠰᠢᠨ᠎ᠡ ᠵᠠᠮ ᠢ ᠨᠡᠭᠡᠭᠡᠨ ᠬᠥᠭᠵᠢᠭᠦᠯᠵᠦ᠂ ︽ ᠦᠢᠯᠡᠳᠪᠦᠷᠢᠯᠡᠬᠦ ᠳᠤᠮᠳᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤᠮᠳᠠ ᠦᠢᠯᠡᠳᠪᠦᠷᠢᠯᠡᠬᠦ︾ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠬᠠᠷᠠᠯᠲᠠ ᠶᠢ ᠪᠡᠶᠡᠯᠡᠭᠦᠯᠬᠦ ᠪᠣᠯᠣᠨ᠎ᠠ᠃     ᠠᠵᠤ ᠦᠢᠯᠡᠰ ᠤᠨ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠪᠡ     ᠠᠷᠠᠯᠵᠢᠶᠠᠴᠢᠨ ᠤᠷᠢᠬᠤ ᠪᠦᠯᠬᠦᠮ ᠨᠢ ᠪᠠᠰᠠ ᠤᠷᠢᠳ ᠬᠤᠵᠢᠳ ᠭᠤᠸᠠᠩ ᠳ᠋ᠠ ᠯᠠᠨ ᠲᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠴᠢ ᠪᠡᠭᠡᠵᠢᠩ ᠤᠨ ᠡᠨᠧᠷᠭᠢ ᠶᠢᠨ ᠤᠯᠠᠨ ᠤᠯᠤᠰ ᠤᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠵᠡᠷᠭᠡ ᠨᠡᠷᠡᠳᠦ ᠠᠵᠤ ᠠᠬᠤᠶᠢᠯᠠᠯ ᠳᠤ ᠬᠦᠷᠴᠦ ᠰᠤᠷᠪᠤᠯᠵᠢᠯᠠᠪᠠ᠃ ᠬᠢᠮᠢ ᠶᠢᠨ ᠠᠵᠤ ᠦᠢᠯᠡᠳᠪᠦᠷᠢ᠂ ᠬᠥᠩᠭᠡᠨᠴᠠᠭᠠᠨ ᠤ ᠨᠠᠷᠢᠯᠢᠭ ᠪᠣᠯᠪᠠᠰᠤᠷᠠᠭᠤᠯᠤᠯᠲᠠ᠂ ᠨᠠᠷᠠ ᠰᠠᠯᠬᠢᠨ ᠤ ᠡᠨᠧᠷᠭᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠵᠡᠷᠭᠡ ᠲᠦᠷᠦᠯ ᠵᠦᠢᠯ ᠤᠨ ᠲᠤᠬᠠᠢ ᠭᠦᠨᠵᠡᠭᠡᠢ ᠵᠥᠪᠳᠡᠯᠴᠡᠪᠡ᠃ ᠡᠯ᠎ᠡ ᠠᠵᠤ ᠠᠬᠤᠶᠢᠯᠠᠯ ᠤᠨ ᠬᠢᠨ ᠪᠠᠷᠠᠭᠤᠨ ᠦᠵᠦᠮᠦᠴᠢᠨ ᠬᠤᠰᠢᠭᠤᠨ ᠤ ᠡᠬᠢ ᠪᠠᠶᠠᠯᠢᠭ ᠪᠠ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠳᠡᠭᠡᠳᠦ ᠬᠡᠮᠵᠢᠶ᠎ᠡ ᠪᠠᠷ ᠦᠨᠡᠯᠡᠵᠦ᠂ ᠠᠯᠢ ᠲᠦᠷᠭᠡᠨ ᠢᠶᠠᠷ ᠲᠤᠰᠬᠠᠢ ᠮᠡᠷᠭᠡᠵᠢᠯ ᠤᠨ ᠪᠦᠯᠬᠦᠮ ᠵᠣᠬᠢᠶᠠᠨ ᠪᠠᠶᠢᠭᠤᠯᠵᠤ ᠪᠠᠷᠠᠭᠤᠨ ᠦᠵᠦᠮᠦᠴᠢᠨ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠭᠠᠨ ᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠬᠢᠴᠠ ᠶᠢ ᠲᠦᠷᠭᠡᠳᠬᠡᠨ᠎ᠡ ᠭᠡᠵᠦ ᠢᠯᠡᠷᠬᠡᠶᠢᠯᠡᠪᠡ᠃     ᠲᠣᠰ ᠤᠳᠠᠭᠠᠨ ᠤ ᠠᠷᠠᠯᠵᠢᠶᠠᠴᠢᠨ ᠤᠷᠢᠬᠤ ᠠᠵᠢᠯᠯᠠᠭ᠎ᠠ ᠪᠣᠯ ᠪᠠᠷᠠᠭᠤᠨ ᠦᠵᠦᠮᠦᠴᠢᠨ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠲᠥᠷᠥᠯ ᠵᠦᠢᠯ ᠤᠨ ᠬᠡᠷᠡᠭᠵᠢᠭᠦᠯᠦᠯᠲᠡ ᠨᠢ ᠪᠠᠷᠠᠭᠤᠨ ᠦᠵᠦᠮᠦᠴᠢᠨ ᠬᠤᠰᠢᠭᠤᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠵᠤ᠂ ᠬᠤᠯᠪᠣᠭᠳᠠᠯ ᠪᠦᠬᠦᠢ ᠠᠵᠤ ᠦᠢᠯᠡᠰ ᠤᠨ ᠬᠡᠯᠬᠢᠶ᠎ᠡ ᠶᠢᠨ ᠪᠡᠯᠡ ᠣᠷᠣᠭᠤᠯᠤᠯᠲᠠ ᠶᠢ ᠵᠠᠭᠤᠨ ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠮᠢᠩᠭ᠎ᠠ ᠭᠠᠷᠤᠢ ᠠᠵᠢᠯ ᠤᠨ ᠪᠠᠶᠢᠷᠢ ᠶᠢ ᠪᠣᠢ ᠪᠣᠯᠭᠠᠬᠤ ᠪᠠᠷ ᠵᠢᠱᠢᠵᠦ ᠪᠣᠢ᠃ ᠡᠭᠦᠨ ᠤ ᠬᠠᠮᠲᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠨᠢ ᠪᠡᠭᠡᠵᠢᠩ ᠪᠣᠯᠣᠨ ᠥᠪᠥᠷ ᠮᠣᠩᠭᠤᠯ ᠬᠤᠶᠠᠷ ᠭᠠᠵᠠᠷ ᠤᠨ ᠠᠵᠤ ᠦᠢᠯᠡᠰ ᠤᠨ ᠬᠠᠮᠵᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠪᠠᠶᠢᠵᠤ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠨ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ ᠪᠠᠷᠠᠭᠤᠨ ᠦᠵᠦᠮᠦᠴᠢᠨ ᠬᠤᠰᠢᠭᠤ ᠨᠢ ᠲᠤᠰ ᠤᠳᠠᠭᠠᠨ ᠤ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠲᠦᠷᠦᠯ ᠵᠦᠢᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ  ᠬᠠᠩᠭᠠᠬᠤ ᠪᠣᠯᠣᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号