ᠪᠠᠷᠠᠭᠤᠨ ᠦᠵᠦᠮᠦᠴᠢᠨ ᠬᠤᠰᠢᠭᠤᠨ ᠤ ᠣᠯᠠᠨ ᠰᠠᠯᠠᠭ᠎ᠠ ᠮᠥᠴᠢᠷ ᠬᠤᠯᠪᠤᠭᠠᠯᠠᠨ ᠣᠨᠴᠠᠭᠠᠢ ᠴᠠᠭ ᠠᠭᠤᠷ ᠢ ᠠᠷᠭᠠᠴᠠᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ  ᠬᠦᠴᠦᠯᠡᠨ ᠪᠠᠲᠤᠯᠠᠪᠠ
ᠨᠡᠶᠢᠲᠡᠯᠡᠭᠰᠡᠨ ᠴᠠᠭ᠄
2025/4/15
    ᠣᠶᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠳᠤ ᠶᠡᠭᠡ ᠬᠡᠪᠴᠢᠶᠡᠨ ᠤ ᠰᠢᠷᠦᠭᠦᠨ ᠰᠠᠯᠬᠢ ᠶᠡᠭᠡ ᠴᠠᠰᠤ  ᠲᠠᠢ ᠴᠠᠭ ᠠᠭᠤᠷ ᠲᠣᠬᠢᠶᠠᠯᠳᠤᠵᠤ᠂ ᠬᠤᠳᠠ ᠶᠢᠨ ᠲᠣᠭᠤᠷᠢᠭ ᠪᠣᠯᠣᠨ ᠮᠠᠯᠵᠢᠬᠤ ᠣᠷᠣᠨ ᠤ ᠤᠯᠠᠨ ᠭᠠᠵᠠᠷ ᠤᠨ ᠵᠠᠮ ᠳᠤ ᠴᠠᠰᠤ ᠵᠤᠵᠠᠭᠠᠨ ᠬᠤᠷᠠᠵᠤ ᠮᠥᠰᠦᠳᠦᠨ ᠤᠯᠠᠨ ᠲᠦᠮᠡᠨ ᠤ ᠡᠳᠦᠷ ᠲᠤᠳᠤᠮ ᠤᠨ ᠶᠠᠪᠤᠵᠤ ᠰᠠᠭᠤᠬᠤ ᠪᠠ ᠵᠠᠮ ᠲᠡᠭᠡᠭᠡᠪᠦᠷᠢ  ᠶᠢ ᠶᠡᠬᠡᠪᠡᠷ ᠨᠥᠯᠥᠭᠡᠯᠡᠭᠰᠡᠨ ᠪᠠᠶᠢᠨ᠎ᠠ᠃    ᠲᠣᠰ ᠤᠳᠠᠭᠠᠨ ᠤ ᠣᠨᠴᠠᠭᠠᠶ ᠴᠠᠭ ᠠᠭᠤᠷ ᠤᠨ ᠪᠠᠶᠢᠳᠠᠯ ᠳᠤ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠲᠤᠯᠭᠠᠮ᠎ᠠ ᠱᠠᠭᠠᠷᠳᠠᠯᠭ᠎ᠠ ᠳᠤ ᠴᠢᠭᠯᠡᠭᠦᠯᠦᠨ᠂ ᠪᠠᠷᠠᠭᠤᠨ ᠦᠵᠦᠮᠦᠴᠢᠨ ᠬᠤᠰᠢᠭᠤ ᠨᠢ ᠦᠳᠲᠡᠷ ᠲᠦᠷᠭᠡᠨ ᠲᠤᠰᠬᠠᠯ ᠭᠠᠷᠭᠠᠵᠤ᠂ ᠡᠯ᠎ᠡ ᠰᠠᠯᠠᠭ᠎ᠠ ᠮᠥᠴᠢᠷ ᠨᠢ ᠨᠢᠭᠲᠠ ᠬᠠᠮᠲᠤᠷᠠᠯᠴᠠᠨ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠳᠠᠷᠤᠶᠢᠬᠠᠨ ᠬᠡᠷᠡᠭᠵᠢᠭᠦᠯᠵᠦ᠂ ᠡᠳ᠋ ᠪᠣᠳᠠᠰ ᠢ ᠲᠣᠬᠢᠷᠠᠭᠤᠯᠬᠤ ᠠᠴᠠ ᠠᠵᠢᠯᠲᠠᠨ ᠢ ᠪᠠᠶᠢᠷᠢᠯᠠᠭᠤᠯᠬᠤ ᠬᠦᠷᠲᠡᠯ᠎ᠡ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠠᠷᠠᠳ ᠢᠷᠭᠡᠳ ᠤᠨ ᠶᠠᠪᠤᠵᠤ ᠰᠠᠭᠤᠬᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠬᠠᠮᠲᠤᠪᠠᠷ ᠬᠥᠳᠡᠯᠦᠯᠴᠡᠭᠰᠡᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠵᠠᠮ ᠲᠡᠭᠡᠭᠡᠪᠦᠷᠢ ᠶᠢᠨ ᠰᠢᠰᠲ᠋ᠧᠮ ᠤᠨ ᠪᠦᠬᠦ ᠠᠵᠢᠯᠲᠠᠳ ᠰᠠᠯᠬᠢ ᠰᠢᠭᠤᠷᠭᠠᠨ  ᠢ ᠰᠥᠷᠦᠨ ᠴᠠᠰᠤ ᠠᠷᠢᠯᠭᠠᠵᠤ ᠵᠠᠮ ᠨᠡᠪᠲᠡᠷᠡᠯᠭᠡ ᠶᠢ ᠰᠠᠭᠠᠳ ᠦᠭᠡᠢ ᠨᠡᠪᠲᠡᠷᠡᠭᠦᠯᠬᠦ ᠪᠠᠷ ᠡᠳᠦᠷ ᠰᠥᠨᠢ ᠦᠭᠡᠢ ᠴᠢᠷᠮᠠᠶᠢᠨ ᠠᠵᠢᠯᠯᠠᠪᠠ᠃ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠮ ᠤᠨ ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠬᠦ ᠶᠢ ᠦᠨᠡᠨᠬᠦ ᠪᠠᠲᠤᠯᠠᠵᠠᠢ᠃ ᠭᠤᠣᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ᠂ ᠲᠠᠰᠤᠷᠠᠯᠲᠠ ᠦᠭᠡᠢ ᠡᠭᠡᠯᠵᠢᠯᠡᠭᠦᠯᠦᠨ ᠠᠵᠢᠯᠯᠠᠭᠤᠯᠬᠤ ᠠᠷᠭ᠎ᠠ ᠶᠢ ᠬᠡᠷᠡᠭᠵᠢᠭᠦᠯᠵᠦ᠂ ᠬᠤᠷᠠᠭᠰᠠᠨ ᠴᠠᠰᠤ ᠶᠢ ᠴᠠᠭ ᠲᠤᠬᠠᠢ  ᠳᠤᠨᠢ ᠴᠡᠪᠡᠷᠯᠡᠪᠡ᠃ ᠣᠳᠣᠬᠠᠨ ᠪᠣᠯᠲᠠᠯ᠎ᠠ᠂ ᠪᠦᠭᠦ ᠬᠤᠰᠢᠭᠤᠨ ᠤ ᠤᠯᠤᠰ ᠮᠤᠵᠢ ᠶᠢᠨ ᠵᠠᠰᠠᠮᠠᠯ ᠵᠠᠮ ᠪᠠ ᠮᠠᠯᠵᠢᠬᠤ ᠣᠷᠣᠨ  ᠤ ᠵᠠᠰᠠᠮᠠᠯ ᠵᠠᠮ ᠤᠨ ᠨᠡᠶᠢᠲᠡ 900 ᠭᠠᠷᠤᠢ ᠺᠢᠯᠣᠮᠧᠲᠷ ᠵᠠᠮ ᠤᠨ ᠬᠡᠰᠡᠭ ᠤᠨ ᠬᠤᠷᠠᠭᠰᠠᠨ ᠴᠠᠰᠤ ᠶᠢ ᠴᠡᠪᠡᠷᠯᠡᠵᠦ᠂ 25 ᠰᠠᠤᠷᠢ ᠮᠠᠰᠢᠨ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠬᠤ ᠠᠵᠢᠯᠲᠠᠨ ᠢ 30 ᠭᠠᠷᠤᠢ ᠬᠥᠮᠥᠨ ᠤᠳᠠᠭ᠎ᠠ ᠬᠥᠳᠡᠯᠭᠡᠵᠦ᠂ ᠴᠠᠰᠤᠨ ᠳᠤ ᠬᠠᠰᠢᠭᠳᠠᠭᠰᠠᠨ 157 ᠬᠥᠮᠥᠨ ᠪᠣᠯᠣᠨ 76 ᠲᠡᠷᠭᠡ ᠶᠢ ᠠᠪᠤᠷᠠᠨ ᠲᠤᠰᠠᠯᠠᠭᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠦᠬᠦ  ᠴᠠᠭᠳᠠᠭ᠎ᠠ ᠨᠠᠷ ᠡᠭᠦᠷᠭᠡ ᠭᠦᠢᠴᠡᠳᠬᠡᠬᠦ ᠡᠮᠦᠨ᠎ᠡ ᠹᠷᠣᠨᠲ ᠢ ᠪᠠᠲᠤ ᠰᠠᠬᠢᠪᠠ᠃ ᠬᠤᠳᠠ ᠶᠢᠨ ᠲᠣᠭᠤᠷᠢᠭ ᠤᠨ ᠡᠯ᠎ᠡ ᠭᠤᠣᠯ ᠪᠣᠯᠬᠤ ᠵᠠᠮ ᠤᠨ ᠬᠡᠰᠡᠭ ᠪᠣᠯᠣᠨ ᠵᠠᠮ ᠤᠨ ᠠᠭᠤᠯᠵᠠᠷ ᠲᠤ᠂ ᠳᠡᠳᠡ ᠵᠠᠮ ᠢ ᠬᠠᠮᠢᠶᠠᠷᠤᠨ ᠡᠵᠡᠮᠳᠡᠬᠦ ᠪᠠ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠪᠠᠲᠤᠯᠠᠵᠤ᠂ ᠲᠡᠷᠭᠡ ᠤᠨᠤᠭ᠎ᠠ ᠬᠠᠯᠲᠤᠷᠢᠬᠤ ᠠᠴᠠ ᠪᠣᠯᠵᠤ ᠵᠠᠮ ᠬᠠᠷᠢᠯᠴᠠᠭᠠᠨ ᠤ ᠲᠦᠭᠵᠢᠷᠡᠯ ᠡᠭᠦᠰᠬᠦ ᠠᠴᠠ ᠰᠡᠷᠭᠡᠶᠢᠯᠡᠪᠡ᠃ ᠢᠯᠠᠩᠭᠤᠶ᠎ᠠ ᠬᠠᠷᠢᠶ᠎ᠠ ᠣᠷᠣᠨ ᠤ ᠤᠯᠤᠰ ᠤᠨ ᠪᠠ ᠮᠤᠵᠢ ᠶᠢᠨ ᠵᠠᠮ ᠵᠢᠴᠢ ᠠᠮᠠᠷᠬᠠᠨ ᠠᠳᠡᠯ ᠭᠠᠷᠬᠤ ᠪᠣᠯᠣᠮᠵᠢ ᠲᠠᠢ ᠭᠤᠣᠯᠳᠠᠯᠭ᠎ᠠ ᠲᠠᠢ ᠵᠠᠮ ᠤᠨ ᠬᠡᠰᠡᠭ ᠲᠤ ᠴᠢᠭᠯᠡᠭᠦᠯᠦᠨ᠂ ᠴᠠᠭᠳᠠᠨ ᠲᠣᠭᠤᠷᠢᠬᠤ ᠤᠳᠠᠭ᠎ᠠ ᠶᠢ ᠨᠡᠮᠡᠭᠳᠡᠭᠦᠯᠪᠡ᠃ ᠵᠠᠩᠭᠢᠯᠠᠭ᠎ᠠ ᠶᠢᠨ ᠵᠠᠮ ᠤᠨ ᠬᠡᠰᠡᠭ ᠲᠤ᠂ ᠲᠤᠰᠬᠠᠢ ᠴᠠᠭᠳᠠᠭ᠎ᠠ ᠲᠣᠬᠢᠷᠠᠭᠤᠯᠤᠨ ᠵᠢᠵᠢᠭᠦᠷᠯᠡᠨ ᠰᠠᠬᠢᠬᠤ ᠶᠢ ᠬᠡᠷᠡᠭᠵᠢᠭᠦᠯᠵᠦ᠂ ᠲᠣᠬᠢᠶᠠᠨ ᠳ᠋ᠧᠩ ᠪᠠ ᠠᠮᠤᠷ ᠲᠦᠪᠰᠢᠨ ᠤ ᠰᠠᠨᠠᠭᠤᠯᠤᠮᠵᠢ ᠪᠠᠷ ᠳᠠᠮᠵᠢᠭᠤᠯᠤᠨ᠂ ᠵᠢᠯᠣᠭᠤᠴᠢ ᠳᠤ ᠠᠯᠭᠤᠷ ᠶᠠᠪᠤᠬᠤ ᠶᠢ ᠴᠠᠭ ᠲᠤᠬᠠᠢ ᠳᠤᠨᠢ ᠰᠠᠨᠠᠭᠤᠯᠵᠤ᠂ ᠨᠠᠭᠠᠰᠢ ᠴᠠᠭᠠᠰᠢ ᠶᠠᠪᠤᠬᠤ ᠲᠡᠷᠭᠡ ᠶᠢ ᠴᠠᠰᠤ ᠬᠤᠷᠠᠭᠰᠠᠨ ᠵᠠᠮ ᠤᠨ ᠬᠡᠰᠡᠭ ᠲᠤ ᠪᠣᠰᠣᠳ ᠲᠡᠷᠭᠡ ᠯᠤᠭ᠎ᠠ ᠵᠣᠬᠢᠬᠤ ᠵᠠᠢ ᠶᠢ ᠪᠠᠲᠤᠯᠠᠬᠤ  ᠶᠢ ᠱᠠᠭᠠᠷᠳᠠᠨ᠂ ᠵᠠᠮ ᠬᠠᠷᠢᠯᠴᠠᠭᠠᠨ ᠤ ᠠᠳᠡᠯ ᠭᠠᠷᠬᠤ ᠪᠣᠯᠣᠮᠵᠢ ᠶᠢ ᠪᠠᠭᠠᠰᠬᠠᠭᠰᠠᠨ ᠪᠠᠶᠢᠨ᠎ᠠ᠃      ᠡᠭᠦᠨ ᠤ ᠬᠠᠮᠲᠤ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠰᠤᠮᠤ ᠪᠠᠯᠭᠠᠰᠤ ᠨᠢ ᠦᠳᠲᠡᠷ ᠲᠦᠷᠭᠡᠨ ᠬᠥᠳᠡᠯᠦᠯᠴᠡᠵᠦ᠂ ᠰᠤᠮᠤ ᠪᠠᠯᠭᠠᠰᠤᠨ ᠤ ᠺᠠᠳ᠋ᠷ᠂ ᠭᠠᠴᠠᠭᠠᠨ ᠤ ᠠᠵᠢᠯᠲᠠᠳ ᠲᠡᠷᠭᠡ ᠮᠠᠰᠢᠨ ᠢ ᠢᠳᠡᠪᠬᠢᠲᠡᠢ ᠲᠣᠬᠢᠷᠠᠭᠤᠯᠤᠨ᠂ ᠠᠵᠢᠯᠲᠠᠨ ᠢ ᠵᠣᠬᠢᠶᠠᠨ ᠪᠠᠶᠢᠭᠤᠯᠵᠤ᠂ ᠵᠠᠮ ᠤᠨ ᠴᠠᠰᠤ ᠶᠢ ᠴᠠᠭ ᠲᠤᠬᠠᠢ ᠳᠤᠨᠢ ᠠᠷᠢᠯᠭᠠᠪᠠ᠃ ᠭᠤᠣᠯ ᠵᠠᠮ ᠱᠤᠭᠤᠮ ᠵᠢᠴᠢ ᠮᠠᠯᠴᠢᠳ ᠲᠥᠪᠯᠡᠷᠡᠨ ᠰᠠᠭᠤᠷᠢᠰᠢᠭᠰᠠᠨ ᠣᠷᠣᠨ ᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠮᠠᠯᠴᠢᠳ ᠲᠤ ᠵᠤᠳ ᠰᠢᠭᠤᠷᠭᠠᠨ ᠠᠴᠠ ᠰᠡᠷᠭᠡᠶᠢᠯᠡᠬᠦ ᠪᠠ ᠶᠠᠪᠤᠵᠤ ᠰᠠᠭᠤᠬᠤ ᠳᠠᠭᠠᠨ ᠠᠮᠤᠷ ᠲᠦᠪᠰᠢᠨ ᠤ ᠬᠠᠮᠠᠭᠠᠯᠠᠯᠲᠠ ᠪᠠᠨ ᠰᠠᠶᠢᠲᠤᠷ ᠬᠢᠬᠦ ᠶᠢ ᠰᠠᠨᠠᠭᠤᠯᠪᠠ᠃ ᠬᠡᠰᠡᠭ ᠮᠠᠯᠴᠢᠨ ᠲᠦᠮᠡᠨ ᠴᠦ ᠰᠠᠶᠢᠨ ᠳᠤᠷ᠎ᠠ ᠠᠴᠠ ᠪᠠᠨ ᠴᠠᠰᠤ ᠠᠷᠢᠯᠭᠠᠬᠤ ᠡᠩᠨᠡᠭᠡᠨ ᠳᠤ ᠣᠷᠣᠯᠴᠠᠵᠤ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠨᠡᠬᠦ ᠣᠨᠴᠠᠭᠠᠢ ᠴᠠᠭ ᠠᠭᠤᠷ ᠤᠨ ᠪᠠᠶᠢᠳᠠᠯ ᠢ ᠬᠠᠮᠲᠤᠪᠠᠷ ᠠᠷᠭᠠᠴᠠᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号