ᠥᠪᠥᠷ ᠮᠣᠩᠭᠤᠯ ᠤᠨ ᠥᠷᠭᠡᠨ ᠠᠭᠤᠳᠠᠮ ᠲᠠᠯ᠎ᠠ ᠨᠤᠲᠤᠭ ᠲᠤ᠂ ᠮᠣᠩᠭᠤᠯ ᠡᠮ ᠡᠮᠨᠡᠯᠭᠡ ᠶᠢᠨ ᠰᠣᠶᠣᠯ ᠥᠨᠢ | ᠤᠳᠠᠭᠠᠨ ᠤᠯᠠᠮᠵᠢᠯᠠᠯ ᠲᠠᠢ ᠪᠠᠶᠢᠵᠤ᠂ ᠮᠣᠩᠭᠤᠯ ᠦᠨᠳᠦᠰᠦᠲᠡᠨ ᠤ ᠠᠷᠠᠳ ᠲᠦᠮᠡᠨ ᠤ ᠵᠠᠭᠤ ᠮᠢᠩᠭᠠᠨ ᠵᠢᠯ ᠤᠨ | ᠲᠤᠷᠰᠢᠬᠢ ᠣᠶᠤᠨ ᠤᠬᠠᠭᠠᠨ ᠪᠠ ᠲᠤᠷᠰᠢᠯᠭ᠎ᠠ ᠶᠢ ᠠᠴᠢᠶᠠᠯᠠᠵᠤ ᠪᠠᠶᠢᠳᠠᠭ᠃ ᠪᠠᠷᠠᠭᠤᠨ ᠦᠵᠦᠮᠦᠴᠢᠨ ᠬᠤᠰᠢᠭᠤᠨ ᠤ | ᠮᠣᠩᠭᠤᠯ ᠡᠮᠨᠡᠯᠭᠡ ᠶᠢᠨ ᠬᠤᠷᠢᠶ᠎ᠠ ᠨᠢ ᠮᠣᠩᠭᠤᠯ ᠡᠮ ᠡᠮᠨᠡᠯᠭᠡ ᠶᠢ ᠤᠯᠠᠮᠵᠢᠯᠠᠨ ᠬᠥᠭᠵᠢᠭᠦᠯᠬᠦ ᠶᠢᠨ ᠬᠠᠮᠲᠣ᠂ | ᠤᠯᠠᠮᠵᠢᠯᠠᠯᠲᠤ ᠠᠨᠠᠭᠠᠬᠤ ᠤᠬᠠᠭᠠᠨ ᠤ ᠴᠣ ᠰᠢᠨ᠎ᠡ ᠬᠠᠭᠤᠳᠠᠰᠤ ᠶᠢ ᠥᠪᠡᠷᠮᠢᠴᠡ ᠬᠡᠯᠪᠡᠷᠢ ᠪᠠᠷ ᠦᠷᠭᠦᠯᠵᠢᠯᠡᠨ | ᠪᠢᠴᠢᠭᠯᠡᠵᠦ ᠪᠣᠶ᠃ | ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠳᠠᠷᠤᠭ᠎ᠠ ᠲᠠᠩ ᠠᠢ | ᠮᠢᠨᠮᠣᠩᠭᠤᠯ ᠡᠮ ᠡᠮᠨᠡᠯᠭᠡ ᠶᠢ ᠤᠯᠠᠮᠵᠢᠯᠠᠨ ᠬᠥᠭᠵᠢᠭᠦᠯᠬᠦ ᠳᠤ ᠲᠣᠪᠣᠶᠢᠮ᠎ᠠ ᠬᠤᠪᠢ ᠨᠡᠮᠡᠷᠢ ᠦᠵᠡᠭᠦᠯᠵᠦ᠂ 2024 | ᠣᠨ ᠤ 12 ᠰᠠᠷ᠎ᠠ ᠳᠤ᠂ 2024 ᠣᠨ ᠤ ᠪᠥᠬᠦ ᠤᠯᠤᠰ ᠤᠨ ᠦᠨᠳᠦᠰᠦᠨ ᠱᠠᠲᠤᠨ ᠤ ᠨᠠᠷᠠᠲᠤ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠬᠠᠮᠠᠳ ᠲᠤᠰᠬᠠᠢ ᠮᠡᠷᠭᠡᠵᠢᠯᠲᠡᠨ ᠤ ᠤᠯᠠᠮᠵᠢᠯᠠᠨ ᠵᠠᠯᠭᠠᠮᠵᠢᠯᠠᠬᠤ | ᠠᠵᠢᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠨᠡᠷᠡᠰ ᠲᠤ ᠠᠮᠵᠢᠯᠲᠠ ᠲᠠᠢ ᠪᠠᠷ | ᠰᠣᠩᠭᠤᠭᠳᠠᠪᠠ᠃ ᠡᠨᠡ ᠨᠢ ᠢᠷᠠᠭᠤ ᠠᠯᠳᠠᠷ ᠪᠣᠯᠬᠤ ᠪᠠᠷ ᠪᠠᠷᠠᠬᠤ ᠦᠭᠡᠢ᠂ ᠨᠠᠩ ᠴᠤ ᠲᠡᠭᠦᠨ ᠤ ᠮᠣᠩᠭᠤᠯ ᠡᠮ | ᠡᠮᠨᠡᠯᠭᠡ ᠶᠢᠨ ᠬᠦᠷᠢᠶᠡᠨ ᠳᠤ ᠣᠯᠠᠨ ᠵᠢᠯ ᠭᠦᠨᠵᠡᠭᠡᠶᠢᠷᠡᠵᠦ᠂ ᠠᠵᠢᠯ ᠲᠥᠷᠥᠯ ᠤᠨ ᠬᠥᠭᠵᠢᠯᠲᠡ ᠶᠢ ᠬᠥᠲᠥᠯᠥᠨ | ᠳᠠᠭᠠᠭᠤᠯᠤᠭᠰᠠᠨ ᠬᠦᠴᠦᠲᠡᠢ ᠨᠤᠲᠠᠯᠠᠯᠲᠠ ᠪᠣᠯᠬᠤ ᠶᠤᠮ᠃ | ᠲᠡᠷᠡ ᠢᠯᠡᠷᠬᠡᠶᠢᠯᠡᠬᠦ ᠳᠡᠭᠡᠨ᠄ ︽ᠡᠨᠡ ᠬᠦ ᠢᠷᠠᠭᠤ ᠠᠯᠳᠠᠷ ᠨᠢ ᠵᠥᠪᠬᠡᠨ ᠮᠢᠨᠤ ᠬᠤᠪᠢ ᠬᠦᠮᠦᠨ ᠤ ᠬᠢ ᠪᠢᠰᠢ᠂ | ᠨᠠᠩ ᠴᠤ ᠪᠣᠶ ᠪᠦᠬᠦᠢ ᠮᠣᠩᠭᠤᠯ ᠡᠮ ᠡᠮᠨᠡᠯᠭᠡ ᠶᠢᠨ ᠤᠯᠠᠮᠵᠢᠯᠠᠭᠴᠢᠳ ᠲᠤ ᠬᠠᠨᠳᠤᠭᠤᠯᠤᠭᠰᠠᠨ ᠵᠣᠷᠢᠭᠵᠢᠭᠤᠯᠤᠯ | ᠮᠥᠨ᠂ ᠪᠢ ᠯᠠᠪᠲᠠᠢ ᠡᠭᠦᠷᠭᠡ ᠬᠠᠷᠢᠭᠤᠴᠠᠯᠭ᠎ᠠ ᠪᠠᠨ ᠬᠥᠰᠡᠷᠳᠡᠭᠦᠯᠬᠦ ᠦᠭᠡᠢ ᠪᠠᠷ ᠮᠣᠩᠭᠤᠯ ᠡᠮ ᠡᠮᠨᠡᠯᠭᠡ ᠪᠠᠷ ᠨᠠᠩ | ᠣᠯᠠᠨ ᠬᠥᠮᠥᠨ ᠳᠤ ᠠᠰᠢᠭ ᠬᠦᠷᠲᠡᠭᠡᠨ᠎ᠡ︾ ᠭᠡᠵᠡᠢ᠃ | ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ ᠪᠠᠶᠢᠭ᠎ᠠ ᠪᠠᠷᠠᠭᠤᠨ | ᠦᠵᠦᠮᠦᠴᠢᠨ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠨᠠᠷᠠᠲᠤ ᠮᠣᠩᠭᠤᠯ ᠡᠮᠴᠢ ᠮᠡᠷᠭᠡᠵᠢᠯᠲᠡᠨ ᠤ | ᠤᠯᠠᠮᠵᠢᠯᠠᠨ ᠠᠵᠢᠯᠯᠠᠬᠤ ᠲᠠᠰᠤᠭ ᠨᠢ ᠮᠣᠩᠭᠤᠯ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ | ᠶᠠᠪᠤᠴᠠ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠣᠶ᠃ ᠲᠠᠩ ᠠᠢ ᠮᠢᠨ ᠲᠤᠰ ᠠᠵᠢᠯᠯᠠᠬᠤ ᠲᠠᠰᠤᠭ ᠤᠨ | ᠳᠠᠭᠠᠭᠤᠯᠤᠭᠴᠢ ᠲᠤᠰᠬᠠᠢ ᠮᠡᠷᠭᠡᠵᠢᠯᠲᠡᠨ ᠨᠢ ᠪᠣᠯᠣᠨ᠎ᠠ᠃ ᠲᠠᠩ ᠠᠢ ᠮᠢᠨ ᠮᠣᠩᠭᠤᠯ ᠡᠮᠨᠡᠯᠭᠡ ᠶᠢᠨ ᠡᠮᠴᠢᠯᠡᠭᠡᠨ ᠤ | ᠠᠵᠢᠯ ᠳᠤ ᠣᠷᠣᠯᠴᠠᠭᠠᠳ ᠨᠢᠭᠡᠨᠲᠡ 35 ᠵᠢᠯ ᠪᠣᠯᠵᠤ ᠪᠠᠶᠢᠨ᠎ᠠ᠂ ᠲᠡᠷᠡ ᠮᠣᠩᠭᠤᠯ ᠡᠮᠨᠡᠯᠭᠡ ᠶᠢᠨ ᠤᠯᠠᠮᠵᠢᠯᠠᠯᠲᠤ | ᠵᠡᠭᠦᠦ ᠬᠠᠳᠬᠤᠬᠤ᠂ ᠰᠣᠷᠣᠭᠤᠯ ᠲᠠᠯᠪᠢᠬᠤ᠂ ᠬᠠᠨᠠᠬᠤ ᠵᠠᠰᠠᠯ ᠢᠶᠠᠷ ᠬᠦᠵᠦᠭᠦᠦ ᠰᠡᠭᠡᠷ ᠤᠨ ᠡᠪᠡᠳᠴᠢᠨ᠂ ᠨᠢᠷᠤᠭᠤ | ᠰᠡᠭᠡᠷ ᠤᠨ ᠲᠠᠪᠠᠭ ᠳᠣᠪᠤᠶᠢᠭᠰᠠᠨ ᠭᠡᠮ᠂ ᠮᠥᠷᠥᠨ ᠤ ᠦᠶ᠎ᠡ ᠶᠢᠨ ᠦᠷᠪᠢᠰᠦᠯ᠂ ᠰᠠ ᠡᠪᠡᠳᠴᠢᠨ ︵ᠲᠠᠯ᠎ᠠ ᠪᠡᠶ᠎ᠡ | ᠲᠠᠮᠪᠠᠷᠠᠬᠤ᠂ ᠨᠢᠭᠤᠷ ᠲᠠᠮᠪᠠᠷᠠᠬᠤ︶᠂ ᠲᠠᠷᠢᠬᠢ ᠳᠣᠷᠭᠢᠬᠤ᠂ ᠬᠡᠷᠦᠬᠦ ᠴᠢᠨᠠᠷᠲᠠᠢ ᠦᠶ᠎ᠡ ᠭᠡᠰᠢᠭᠦᠨ ᠤ ᠦᠷᠪᠢᠰᠦᠯ᠂ | ᠴᠢᠰᠤᠨ ᠤ ᠥᠭᠡᠬᠦ ᠥᠨᠳᠥᠷᠵᠢᠭᠰᠡᠨ ᠭᠡᠮ ᠵᠢᠴᠢ ᠰᠢᠩᠭᠡᠭᠡᠯᠲᠡ ᠶᠢᠨ ᠰᠢᠰᠲ᠋ᠧᠮ ᠵᠡᠷᠭᠡ ᠡᠪᠡᠳᠴᠢᠨ ᠢ ᠵᠠᠰᠠᠬᠤ ᠳᠤ | ᠴᠢᠳᠠᠮᠠᠭᠠᠢ ᠪᠠᠶᠢᠳᠠᠭ᠃ ᠲᠡᠭᠦᠨ ᠤ ᠳᠠᠭᠠᠭᠤᠯᠭ᠎ᠠ ᠪᠠᠷ᠂ ᠠᠵᠢᠯᠯᠠᠬᠤ ᠲᠠᠰᠤᠭ ᠨᠢ ᠨᠡᠷ᠎ᠡ ᠲᠥᠷᠥ ᠲᠠᠢ ᠮᠣᠩᠭᠤᠯ ᠡᠮᠴᠢ | ᠂ ᠢᠳᠡᠷ ᠵᠠᠯᠠᠭᠤ ᠨᠠᠰᠤᠨ ᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠬᠠᠮᠤᠷᠤᠭᠰᠠᠨ ᠤᠯᠠᠮᠵᠢᠯᠠᠨ | ᠵᠠᠯᠭᠠᠮᠵᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠠᠵᠢᠯᠯᠠᠬᠤ ᠲᠠᠰᠤᠭ ᠤᠨ ᠡᠯ᠎ᠡ ᠵᠦᠢᠯ ᠤᠨ ᠠᠵᠢᠯ ᠳᠤ ᠪᠠᠲᠤ | ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠪᠠ ᠤᠯᠠᠮᠵᠢᠯᠠᠬᠤ᠂ ᠬᠠᠪᠰᠤᠷᠬᠤ᠂ ᠳᠠᠭᠠᠭᠤᠯᠬᠤ ᠦᠢᠯᠡᠳᠦᠯ ᠢ | ᠪᠠᠳᠠᠷᠠᠭᠤᠯᠵᠤ ᠪᠠᠶᠢᠨ᠎ᠠ᠃ | ᠠᠵᠢᠯᠯᠠᠬᠤ ᠲᠠᠰᠤᠭ ᠨᠢ ᠮᠣᠩᠭᠤᠯ ᠡᠮᠨᠡᠯᠭᠡ ᠶᠢᠨ ᠲᠠᠪᠤᠨ ᠵᠠᠰᠠᠯ ᠤᠨ ᠡᠮᠴᠢᠯᠡᠭᠡᠨ ᠤ ᠣᠨᠴᠠᠯᠢᠭᠲᠤ ᠣᠨᠣᠰᠢᠯᠠᠨ | ᠡᠮᠨᠡᠬᠦ ᠳᠠᠪᠠᠭᠤᠯᠢᠭ ᠢ ᠪᠠᠳᠠᠷᠠᠭᠤᠯᠵᠤ᠂ ᠬᠦᠵᠦᠭᠦᠦ ᠰᠡᠭᠡᠷ ᠤᠨ ᠡᠪᠡᠳᠴᠢᠨ᠂ ᠨᠢᠷᠤᠭᠤ ᠰᠡᠭᠡᠷ ᠤᠨ ᠲᠠᠪᠠᠭ | ᠳᠣᠪᠤᠶᠢᠭᠰᠠᠨ ᠡᠪᠡᠳᠴᠢᠨ ᠵᠡᠷᠭᠡ ᠪᠠᠭᠠᠨ᠎ᠠ ᠨᠢᠷᠤᠭᠤᠨ ᠤ ᠡᠪᠡᠳᠴᠢᠨ ᠳᠤ ᠴᠢᠭᠯᠡᠭᠦᠯᠦᠨ᠂ ᠮᠣᠩᠭᠤᠯ ᠡᠮᠨᠡᠯᠭᠡ ᠶᠢᠨ | ᠶᠠᠰᠤ ᠪᠠᠷᠢᠬᠤ᠂ ᠢᠯᠢᠵᠦ ᠪᠠᠷᠢᠬᠤ᠂ ᠵᠡᠭᠦᠦ ᠲᠥᠭᠡᠨᠡᠯᠭᠡ᠂ ᠡᠯᠡᠰᠦᠨ ᠵᠠᠰᠠᠯ ᠵᠡᠷᠭᠡ ᠶᠢ ᠬᠡᠷᠡᠭᠯᠡᠨ ᠮᠣᠩᠭᠤᠯ ᠡᠮ ᠤᠨ | ᠳᠣᠲᠣᠷ᠎ᠠ ᠭᠠᠳᠠᠨᠠᠬᠢ ᠲᠠᠢ ᠤᠶᠠᠯᠳᠤᠭᠤᠯᠤᠨ ᠡᠪᠡᠳᠬᠦ ᠶᠢ ᠬᠥᠩᠭᠡᠷᠡᠭᠦᠯᠵᠦ᠂ ᠦᠶ᠎ᠡ ᠭᠡᠰᠢᠭᠦᠨ ᠤ ᠴᠢᠳᠠᠮᠵᠢ ᠶᠢ | ᠰᠠᠶᠢᠵᠢᠷᠠᠭᠤᠯᠬᠤ ᠪᠠ ᠬᠤᠳᠣᠭᠤᠳᠤᠨ ᠤ ᠦᠷᠪᠢᠰᠦᠯ᠂ ᠬᠤᠳᠣᠭᠤᠳᠤᠨ ᠤ ᠰᠢᠷᠬᠠᠯᠠᠭ᠎ᠠ ᠵᠡᠷᠭᠡ ᠰᠢᠩᠭᠡᠭᠡᠯᠲᠡ ᠶᠢᠨ | ᠰᠢᠰᠲ᠋ᠧᠮ ᠤᠨ ᠡᠪᠡᠳᠴᠢᠨ ᠡᠮᠭᠡᠭ ᠢ ᠵᠠᠰᠠᠬᠤ ᠵᠢᠴᠢ ᠨᠢᠭᠤᠷ ᠤᠨ ᠳᠡᠮᠪᠡᠷᠡᠯ ᠵᠡᠷᠭᠡ ᠮᠡᠳᠡᠷᠡᠯ ᠤᠨ ᠰᠢᠰᠲ᠋ᠧᠮ ᠤᠨ | ᠡᠪᠡᠳᠴᠢᠨ ᠢ ᠡᠮᠨᠡᠨ ᠵᠠᠰᠠᠬᠤ ᠵᠡᠷᠭᠡ ᠡᠮᠴᠢᠯᠡᠭᠡᠨ ᠤ ᠦᠷ᠎ᠡ ᠠᠰᠢᠭ ᠢᠶᠠᠷ ᠮᠡᠳᠡᠭᠳᠡᠮ᠎ᠡ ᠪᠠᠶᠢᠵᠤ᠂ ᠥᠷᠭᠡᠨ ᠣᠯᠠᠨ | ᠡᠪᠡᠳᠴᠢᠲᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | ᠡᠳᠡᠭᠡᠷ ᠢᠯᠡᠳᠲᠡ ᠦᠷ᠎ᠡ ᠪᠦᠲᠦᠭᠡᠯ ᠢ ᠣᠯᠬᠤ ᠳᠤ ᠬᠦᠴᠦᠷᠬᠡᠭ ᠶᠡᠭᠡ ᠴᠢᠳᠠᠪᠤᠷᠢᠲᠠᠨ ᠤ | ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠴᠢᠳᠠᠪᠤᠷᠢᠲᠠᠨ ᠢ ᠬᠥᠮᠥᠵᠢᠭᠦᠯᠬᠦ ᠵᠠᠩᠭᠢᠯᠠᠭ᠎ᠠ ᠶᠢᠨ | ᠭᠤᠭᠴᠤᠭ᠎ᠠ ᠳᠤ᠂ ᠡᠮᠨᠡᠯᠭᠡ ᠶᠢᠨ ᠬᠤᠷᠢᠶ᠎ᠠ ᠨᠢ ︽ᠤᠷᠢᠵᠤ ᠣᠷᠣᠭᠤᠯᠬᠤ᠂ ᠬᠦᠷᠭᠡᠵᠦ ᠭᠠᠷᠭᠠᠬᠤ︾ ᠠᠷᠭ᠎ᠠ | ᠪᠣᠳᠣᠯᠭ᠎ᠠ ᠶᠢ ᠬᠡᠷᠡᠭᠯᠡᠨ ᠴᠢᠳᠠᠪᠤᠷᠢᠲᠠᠨ ᠢ ᠬᠥᠮᠥᠵᠢᠭᠦᠯᠦᠨ᠎ᠡ᠄ ᠨᠢᠭᠡ ᠲᠠᠯ᠎ᠠ ᠪᠠᠷ᠂ ᠡᠮᠨᠡᠯᠭᠡ ᠶᠢᠨ ᠬᠤᠯᠪᠣᠭᠠᠲᠤ | ᠴᠣᠭᠴᠠ ᠶᠢᠨ ᠲᠠᠪᠴᠠᠩ ᠢ ᠠᠰᠢᠭᠯᠠᠨ ᠣᠷᠣᠨ ᠤ ᠳᠣᠲᠣᠷ᠎ᠠ ᠭᠠᠳᠠᠨᠠᠬᠢ ᠮᠣᠩᠭᠤᠯ ᠡᠮ ᠡᠮᠨᠡᠯᠭᠡ ᠶᠢᠨ ᠲᠤᠰᠬᠠᠢ | ᠮᠡᠷᠭᠡᠵᠢᠯᠲᠡᠨ ᠢ ᠤᠷᠢᠵᠤ ᠲᠣᠭᠲᠠᠮᠠᠯ ᠬᠤᠭᠤᠴᠠᠭ᠎ᠠ ᠲᠠᠢ ᠪᠠᠷ ᠰᠠᠭᠤᠯᠭᠠᠨ ᠡᠮᠨᠡᠭᠦᠯᠬᠦ᠂ ᠮᠡᠷᠭᠡᠵᠢᠯ ᠤᠨ | ᠵᠢᠯᠣᠭᠤᠳᠤᠯᠭ᠎ᠠ᠂ ᠲᠠᠶᠢᠯᠤᠮᠵᠢ᠂ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠶᠢ | ᠥᠷᠨᠢᠭᠦᠯᠵᠦ᠂ ᠤᠯᠤᠰ ᠤᠨ ᠲᠠᠰ ᠤᠨ ᠪᠠᠭᠰᠢ᠂ ᠨᠠᠷᠠᠲᠤ ᠮᠣᠩᠭᠤᠯ ᠡᠮᠴᠢ ᠶᠢ ᠡᠯᠰᠡᠨ ᠠᠪᠴᠤ ᠨᠥᠭᠦᠭᠡ ᠲᠠᠯ᠎ᠠ ᠪᠠᠷ᠂ | ᠢᠳᠡᠷ ᠵᠠᠯᠠᠭᠤ ᠨᠠᠰᠤᠨ ᠤ ᠭᠤᠣᠯᠯᠠᠭᠴᠢ ᠡᠮᠴᠢ ᠰᠤᠪᠢᠯᠠᠭᠴᠢ ᠶᠢ ᠰᠣᠩᠭᠤᠨ ᠲᠣᠮᠢᠯᠠᠵᠤ ᠮᠣᠩᠭᠤᠯ ᠡᠮᠨᠡᠯᠭᠡ ᠶᠢᠨ | ᠭᠤᠷᠪᠠᠳᠤᠭᠠᠷ ᠵᠡᠷᠭᠡ ᠶᠢᠨ ᠬᠥᠬᠡ ᠲᠠᠰ ᠤᠨ ᠨᠠᠷᠠᠲᠤ ᠡᠮᠨᠡᠯᠭᠡ ᠶᠢᠨ ᠬᠤᠷᠢᠶᠠᠨ ᠳᠤ ᠳᠠᠪᠲᠠᠨ ᠪᠣᠯᠪᠠᠰᠤᠷᠠᠭᠤᠯᠵᠤ | ᠰᠤᠷᠤᠯᠴᠠᠭᠤᠯᠤᠨ᠂ ᠡᠷᠳᠡᠮ ᠰᠢᠨᠵᠢᠯᠡᠭᠡᠨ ᠤ ᠬᠤᠷᠠᠯ ᠳᠤ ᠣᠷᠣᠯᠴᠠᠬᠤ ᠶᠢ ᠵᠣᠷᠢᠭᠵᠢᠭᠤᠯᠵᠤ᠂ ᠮᠣᠩᠭᠤᠯ ᠡᠮ | ᠡᠮᠨᠡᠯᠭᠡ ᠶᠢᠨ ᠤᠯᠠᠮᠵᠢᠯᠠᠯ ᠳᠤ ᠠᠮᠢᠵᠢᠷᠠᠯ ᠤᠨ ᠬᠦᠴᠦᠨ ᠨᠡᠮᠡᠷᠢᠯᠡᠵᠦ ᠪᠠᠶᠢᠨ᠎ᠠ᠃ | ᠢᠷᠡᠭᠡᠳᠦᠢ ᠳᠤ᠂ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠪᠥᠬᠦ | ᠤᠯᠤᠰ ᠤᠨ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠠᠰᠤᠭ ᠤᠨ ᠲᠥᠷᠥᠯ ᠵᠦᠢᠯ ᠤᠨ ᠲᠠᠪᠴᠠᠩ ᠢ ᠠᠰᠢᠭᠯᠠᠨ᠂ | ᠮᠣᠩᠭᠤᠯ ᠡᠮ ᠡᠮᠨᠡᠯᠭᠡ ᠶᠢᠨ ᠦᠨᠡᠲᠦ ᠡᠷᠳᠡᠨᠢ ᠶᠢ ᠦᠷᠭᠦᠯᠵᠢᠯᠡᠨ ᠪᠠᠳᠠᠷᠠᠭᠤᠯᠵᠤ᠂ ᠡᠮᠴᠢᠯᠡᠭᠡᠨ ᠤ ᠦᠢᠯᠡᠴᠢᠯᠡᠭᠡᠨ ᠤ | ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠩ ᠣᠯᠠᠨ ᠡᠪᠡᠳᠴᠢᠲᠡᠨ ᠳᠤ ᠡᠷᠡᠭᠦᠯ ᠮᠡᠨᠳᠦ ᠶᠢ | ᠣᠯᠭᠤᠵᠤ᠂ ᠮᠣᠩᠭᠤᠯ ᠡᠮ ᠡᠮᠨᠡᠯᠭᠡ ᠶᠢᠨ ᠰᠣᠶᠣᠯ ᠢ ᠨᠠᠩ ᠬᠡᠷᠡᠯ ᠭᠢᠯᠪᠠᠭ᠎ᠠ ᠲᠠᠢ ᠪᠣᠯᠭᠠᠬᠤ ᠪᠣᠯᠭᠠᠨ᠎ᠠ᠃ | | | | | | | |