ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2025/4/15
    ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ   4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ᠃      ᠰᠢ ᠶᠢᠨ ᠫᠢᠩ᠂ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠶᠡᠷᠦᠩᠬᠡᠢ ᠱᠦᠵᠢ ᠰᠦ᠋ ᠯᠢᠨ ᠲᠠᠢ ᠠᠩᠬᠠᠨ ᠤ ᠡᠭᠡᠯᠵᠢ ᠶᠢᠨ ᠬᠠᠷᠢᠯᠴᠠᠨ ᠠᠶᠢᠯᠴᠢᠯᠠᠯᠲᠠ ᠪᠠᠨ ᠪᠡᠶᠡᠯᠡᠭᠦᠯᠦᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠡᠨᠡ ᠵᠢᠯ ᠪᠣᠯ ᠸᠢᠶᠧᠲᠨᠠᠮ ᠤᠨ ᠡᠪ ᠬᠠᠮᠲᠤ ᠨᠠᠮ ᠪᠠᠶᠢᠭᠤᠯᠤᠭᠳᠠᠭᠰᠠᠨ 95 ᠵᠢᠯ ᠤᠨ ᠤᠢ᠂ ᠸᠢᠶᠧᠲᠨᠠᠮ ᠤᠨ ᠤᠯᠤᠰ ᠪᠠᠶᠢᠭᠤᠯᠤᠭᠳᠠᠭᠰᠠᠨ 80 ᠵᠢᠯ ᠤᠨ ᠤᠢ ᠪᠣᠯᠣᠨ ᠡᠮᠦᠨᠡᠲᠦ ᠸᠢᠶᠧᠲᠨᠠᠮ ᠴᠢᠯᠦᠭᠡᠯᠡᠭᠳᠡᠭᠰᠡᠨ 50 ᠵᠢᠯ ᠤᠨ ᠤᠢ ᠪᠣᠯᠣᠨ᠎ᠠ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠡᠮᠦᠨ᠎ᠡ ᠠᠴᠠ ᠸᠢᠶᠧᠲᠨᠠᠮ ᠤᠨ ᠲᠠᠯ᠎ᠠ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠸᠢᠶᠧᠲᠨᠠᠮ ᠤᠨ ᠬᠢᠨ ᠤ ᠲᠣᠰ ᠤᠯᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠰᠠᠶᠢᠲᠤᠷ ᠵᠠᠮᠨᠠᠵᠤ᠂ 2026 ᠣᠨ ᠳᠤ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠢᠶᠠᠨ ᠢᠯᠠᠯᠲᠠ ᠲᠠᠢ ᠬᠤᠷᠠᠯᠳᠤᠭᠤᠯᠵᠤ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠲᠡᠶᠢᠰᠢ ᠲᠠᠰᠤᠷᠠᠯᠲᠠ ᠦᠭᠡᠢ ᠤᠷᠤᠭᠰᠢᠯᠠᠬᠤ ᠶᠢ ᠲᠡᠮᠵᠢᠨ᠎ᠡ ᠭᠡᠵᠦ ᠵᠢᠭᠠᠵᠤ ᠭᠠᠷᠭᠠᠪᠠ᠃
     4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ      ᠰᠢ ᠶᠢᠨ ᠫᠢᠩ᠂ ᠡᠨᠡ ᠵᠢᠯ ᠪᠣᠯ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠪᠣᠯᠣᠨ᠎ᠠ᠃ 75 ᠵᠢᠯ ᠤᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠤᠶᠠᠷ ᠲᠠᠯ᠎ᠠ ᠪᠠᠷ ᠢᠶᠠᠨ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠲᠡᠮᠡᠴᠡᠯ ᠳᠤᠮᠳᠠ ᠬᠠᠷᠢᠯᠴᠠᠨ ᠲᠡᠮᠵᠢᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠳᠤᠮᠳᠠ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠤᠯᠤᠰ ᠤᠨ ᠪᠦᠯᠬᠦᠮᠳᠡᠨ ᠬᠠᠮᠲᠤᠷᠠᠯᠴᠠᠬᠤ ᠬᠡᠪ ᠳᠠᠭᠤᠷᠢᠶᠠᠯ ᠪᠣᠯᠪᠠ᠃ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠸᠢᠶᠧᠲᠨᠠᠮ ᠬᠤᠶᠠᠷ ᠤᠯᠤᠰ ᠡᠩᠬᠡ ᠲᠠᠶᠢᠪᠤᠩ ᠬᠥᠭᠵᠢᠯᠲᠡ ᠶᠢ ᠪᠠᠷᠢᠮᠲᠠᠯᠠᠵᠤ᠂ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠢ ᠳ᠋ᠠᠬᠢᠨ ᠳᠤ ᠡᠷᠬᠢᠮ ᠨᠠᠨᠳᠢᠨ ᠲᠣᠭᠲᠠᠪᠤᠷᠢᠲᠤ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠪᠡ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠬᠤᠶᠠᠷ ᠲᠠᠯ᠎ᠠ ᠪᠠᠷ ᠢᠶᠠᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠭᠠᠷ ᠬᠤᠯᠪᠣᠨ ᠤᠷᠤᠭᠰᠢᠯᠠᠵᠤ᠂ ︽ᠸᠢᠶᠧᠲᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ ᠳᠡᠭᠦᠦ︾ ᠶᠢᠨ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠤᠯᠤᠰ ᠲᠦᠷᠦ ᠶᠢᠨ ᠢᠲᠡᠭᠡᠯᠴᠡᠭᠡ ᠨᠡᠩ ᠥᠨᠳᠥᠷ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ ᠪᠣᠳᠠᠲᠠᠢ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ ᠭᠦᠨᠵᠡᠭᠡᠢ᠂ ᠠᠷᠠᠳ ᠤᠨ ᠰᠠᠨᠠᠭᠠᠨ ᠤ ᠰᠠᠭᠤᠷᠢ ᠨᠡᠩ ᠪᠠᠲᠤ᠂ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠨᠡᠩ ᠴᠢᠩᠭ᠎ᠠ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠪᠠᠷ ᠨᠡᠩ ᠰᠠᠶᠢᠨ ︽ᠵᠢᠷᠭᠤᠭᠠᠨ ᠨᠡᠩ ᠪᠠᠶᠢᠬᠤ︾ ᠶᠡᠷᠦᠩᠬᠡᠢ ᠬᠠᠷᠠᠯᠲᠠ ᠶᠣᠰᠣᠭᠠᠷ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠴᠢᠨᠠᠷ ᠰᠠᠶᠢᠲᠠᠢ ᠠᠬᠢᠭᠤᠯᠵᠤ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃
      4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ ᠸᠢᠶᠧᠲᠨᠠᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ ᠬᠠᠮᠲᠤ ᠪᠠᠷ ᠭᠡᠷᠡᠴᠢᠯᠡᠵᠦ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ      ᠰᠢ ᠶᠢᠨ ᠫᠢᠩ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠢᠬᠤᠯᠠ ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ᠃ ᠬᠤᠶᠠᠷ ᠤᠯᠤᠰ ᠭᠠᠷ ᠬᠤᠯᠪᠣᠨ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠵᠤ᠂ 15 ᠳ᠋ᠦᠩᠰᠢᠭᠤᠷ ᠭᠠᠷᠤᠢ ᠬᠥᠮᠥᠨ ᠠᠮᠠ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠨᠢ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠦᠴᠦᠲᠡᠢ ᠬᠠᠮᠠᠭᠠᠯᠠᠵᠤ ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠃ ᠬᠤᠶᠠᠷ ᠤᠯᠤᠰ ᠢᠶᠠᠷ ᠢᠶᠠᠨ ᠴᠥᠮ ᠭᠠᠳᠠᠭᠠᠳᠤ ᠨᠡᠭᠡᠭᠡᠯᠲᠡ ᠬᠢᠬᠦ ᠶᠢ ᠪᠠᠷᠢᠮᠲᠠᠯᠠᠵᠤ᠂ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠬᠤ᠂ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠵᠢᠵᠢᠭ ᠣᠩᠭᠤᠴᠠ ᠪᠢᠴᠢᠬᠠᠨ ᠵᠠᠪᠢ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠢ ᠳᠠᠭᠠᠭᠠᠵᠤ ᠳᠡᠶᠢᠯᠭᠦ ᠦᠭᠡᠢ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃ ᠳᠤᠮᠳᠠᠳᠤ ᠤᠯᠤᠰ ᠪᠣᠯᠣᠨ ᠸᠢᠶᠧᠲᠨᠠᠮ ᠪᠣᠯ ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ ᠢ ᠭᠦᠷᠳᠡᠭᠴᠢ ᠮᠥᠨ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ ᠪᠦᠬᠦ ᠪᠥᠮᠪᠥᠷᠴᠡᠭ ᠤᠨ ᠴᠢᠯᠦᠭᠡᠲᠦ ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠶ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠬᠠᠢ ᠵᠢᠷᠭᠤᠭᠠᠨ ᠠᠷᠭ᠎ᠠ ᠬᠡᠮᠵᠢᠶ᠎ᠡ ᠳᠤᠷᠠᠳᠪᠠ᠃      ᠨᠢᠭᠡ ᠳᠤ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠦᠶ᠎ᠡ᠃ ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠲᠦᠷᠦᠯ ᠰᠠᠳᠤᠨ ᠢᠶᠠᠨ ᠡᠷᠭᠢᠵᠦ ᠦᠵᠡᠬᠦ ᠲᠠᠢ ᠠᠳᠠᠯᠢ ᠪᠠᠷ ᠦᠷᠭᠦᠯᠵᠢ ᠶᠠᠪᠤᠯᠴᠠᠵᠤ᠂ ᠢᠯᠡᠭᠦᠬᠡᠨ ᠣᠯᠣᠯᠴᠠᠶ᠎ᠠ᠃ ᠬᠤᠶᠠᠷ ᠲᠠᠯ᠎ᠠ ᠪᠠᠷ ᠢᠶᠠᠨ ᠨᠠᠮ ᠤᠨ ᠬᠤᠭᠤᠷᠣᠨᠳᠦᠭᠢ᠂ ᠬᠠᠤᠯᠢ ᠲᠣᠭᠲᠠᠭᠠᠬᠤ ᠪᠠᠶᠢᠭᠤᠯᠤᠮᠵᠢ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠵᠡᠷᠭᠡ ᠵᠠᠮ ᠰᠤᠪᠠᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠬᠢ ᠨᠠᠮ ᠤᠨ ᠤᠳᠤᠷᠢᠳᠬᠤ ᠲᠦᠪᠰᠢᠨ ᠢ ᠳᠡᠭᠡᠭᠰᠢᠯᠡᠭᠦᠯᠦᠶ᠎ᠡ᠃      ᠬᠤᠶᠠᠷ ᠲᠤ ᠨᠡᠩ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠶ᠎ᠠ᠃ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3+3︾ ᠶᠢᠨ ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢ ᠰᠠᠶᠢᠳ ᠤᠨ ᠲᠡᠰ ᠢᠶᠠᠷ ᠲᠣᠭᠲᠠᠭᠠᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠡᠮᠡᠭᠳᠡᠭᠦᠯᠦᠶ᠎ᠡ᠃ ᠰᠡᠷᠭᠡᠶᠢᠯᠡᠨ ᠬᠠᠮᠠᠭᠠᠯᠠᠬᠤ ᠠᠵᠢᠯ ᠪᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠬᠤᠶᠠᠷ ᠲᠠᠯᠠᠲᠤ ᠪᠠ ᠤᠯᠠᠨ ᠲᠠᠯᠠᠲᠤ ᠢᠯᠠᠩᠭᠤᠶ᠎ᠠ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠣᠲᠣᠷᠠᠬᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠶ᠎ᠠ᠃      ᠭᠤᠷᠪᠠ ᠳᠤ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ᠃ ᠳᠤᠮᠳᠠᠳᠤ ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠣᠨ ᠸᠢᠶᠧᠲᠨᠠᠮ ᠤᠨ ᠰᠢᠨ᠎ᠡ ᠭᠡᠯᠪᠡᠷᠢ ᠶᠢᠨ ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠴᠢᠬᠤᠯᠠ ᠶᠡᠭᠡ ᠠᠵᠠ ᠲᠣᠭᠢᠶᠠᠯ ᠢ ᠡᠵᠡᠮᠳᠡᠵᠦ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠦᠶ᠎ᠡ᠃ ᠬᠤᠶᠠᠷ ᠲᠠᠯ᠎ᠠ ᠶᠢᠨ ᠪᠠᠷᠢᠮᠵᠢᠶᠠᠲᠤ ᠵᠢᠮᠳᠦ ᠲᠡᠮᠦᠷ ᠵᠠᠮ᠂ ᠲᠦᠷᠭᠡᠨ ᠤ ᠵᠠᠰᠠᠮᠠᠯ ᠵᠠᠮ᠂ ᠣᠶᠤᠨᠲᠤ ᠬᠢᠯᠢ ᠶᠢᠨ ᠪᠣᠭᠤᠮᠲᠠ ᠶᠢ ᠪᠦᠬᠦ ᠲᠠᠯ᠎ᠠ ᠪᠠᠷ ᠬᠤᠯᠪᠣᠨ ᠨᠡᠪᠲᠡᠷᠡᠭᠦᠯᠬᠦ ᠶᠢ ᠡᠷᠲᠡᠬᠡᠨ ᠪᠡᠶᠡᠯᠡᠭᠦᠯᠦᠶ᠎ᠡ᠃ ᠵᠣᠬᠢᠶᠠᠮᠠᠯ ᠤᠶᠤᠨ ᠴᠢᠳᠠᠪᠤᠷᠢ᠂ ᠪᠠᠷᠠᠭᠠᠨ ᠤ ᠰᠦᠯᠵᠢᠶ᠎ᠡ ᠵᠡᠷᠭᠡ ᠳᠡᠭᠡᠳᠦ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠤᠶ᠎ᠠ᠃ ᠳᠤᠮᠳᠠᠳᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠢᠮᠠᠭᠲᠠ ᠸᠢᠶᠧᠲᠨᠠᠮ ᠳᠤ ᠨᠡᠭᠡᠭᠡᠯᠲᠡ ᠬᠢᠵᠦ᠂ ᠸᠢᠶᠧᠲᠨᠠᠮ ᠤᠨ ᠨᠡᠩ ᠤᠯᠠᠨ ᠰᠢᠯᠢᠳᠡᠭ ᠦᠢᠯᠡᠳᠬᠦᠨ ᠢ ᠳᠤᠮᠳᠠᠳᠤ ᠤᠯᠤᠰ ᠲᠤ ᠭᠠᠷᠭᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠸᠢᠶᠧᠲᠨᠠᠮ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠵᠤ᠂ ᠸᠢᠶᠧᠲᠨᠠᠮ ᠤᠨ ᠲᠠᠯ᠎ᠠ ᠶᠢᠨ ᠬᠢᠨ ᠨᠡᠩ ᠡᠷᠬᠡ ᠲᠡᠭᠰᠢ ᠨᠥᠭᠦᠷᠰᠡᠭ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠶᠢ ᠬᠦᠰᠡᠵᠦ ᠪᠠᠶᠢᠨ᠎ᠠ᠃      ᠳᠥᠷᠪᠡ ᠳᠤ ᠨᠡᠩ ᠥᠷᠭᠡᠨ ᠳᠡᠯᠭᠡᠷ ᠠᠷᠠᠳ ᠤᠨ ᠰᠠᠨᠠᠭ᠎ᠠ ᠶᠢᠨ ᠬᠤᠯᠪᠣᠭᠠᠰᠤ ᠶᠢ ᠪᠠᠲᠤ ᠴᠢᠩᠭᠠᠯᠠᠶ᠎ᠠ᠃ ᠡᠨᠡ ᠵᠢᠯ ᠤᠨ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ ᠠᠵᠠ ᠲᠣᠭᠢᠶᠠᠯ ᠪᠤᠯᠭᠠᠵᠤ᠂ ᠤᠯᠠᠨ ᠲᠦᠮᠡᠨ ᠲᠠᠢ ᠣᠶᠢᠷᠠᠲᠤᠭᠰᠠᠨ᠂ ᠠᠷᠠᠳ ᠤᠨ ᠰᠡᠳᠬᠢᠯ ᠢ ᠣᠯᠣᠭᠰᠠᠨ ᠨᠡᠩ ᠤᠯᠠᠨ ᠨᠥᠭᠦᠷᠰᠡᠭ ᠠᠵᠢᠯᠯᠠᠭ᠎ᠠ ᠶᠢ ᠡᠷᠭᠢᠯᠡᠵᠦ᠂ ᠵᠢᠭᠤᠯᠴᠢᠯᠠᠯ᠂ ᠰᠣᠶᠣᠯ᠂ ᠵᠠᠭᠤᠴᠢᠯᠠᠭᠤᠷ᠂ ᠡᠷᠡᠭᠦᠯ ᠬᠠᠮᠠᠭᠠᠯᠠᠯ ᠵᠡᠷᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠦᠷᠭᠦᠯᠵᠢᠯᠡᠨ ᠭᠦᠨ ᠠᠭᠤᠳᠠᠯᠤᠨ᠂ ᠨᠥᠭᠦᠷᠰᠡᠭ ᠦᠯᠢᠭᠡᠷ ᠢ ᠰᠠᠶᠢᠲᠤᠷ ᠶᠠᠷᠢᠵᠤ᠂ ᠬᠤᠶᠢᠰᠢᠳᠠ ᠶᠢᠨ 3 ᠵᠢᠯ ᠳᠤ ᠸᠢᠶᠧᠲᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠣᠴᠢᠭᠤᠯᠤᠨ ︽ᠬᠤᠪᠢᠰᠬᠠᠯ ᠤᠨ ᠰᠤᠳᠤᠯᠭᠠᠨ ᠤ ᠠᠶᠠᠯᠠᠯ︾ ᠢ ᠥᠷᠨᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠳᠤ ᠬᠤᠪᠢᠰᠬᠠᠯ ᠤᠨ ᠲᠦᠷᠦ ᠭᠦᠷᠦᠨ ᠢ ᠭᠢᠯᠪᠠᠷ ᠪᠤᠰᠤ ᠪᠠᠷ ᠣᠯᠵᠤ ᠢᠷᠡᠭᠰᠡᠨ᠂ ᠬᠤᠶᠠᠷ ᠤᠯᠤᠰ ᠤᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠡᠷᠬᠢᠮ ᠨᠠᠨᠳᠢᠨ ᠭᠡᠳᠡᠭ ᠢ ᠣᠶᠢᠯᠠᠭᠠᠭᠤᠯᠵᠤ᠂ ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠬᠥᠭᠵᠢᠯᠲᠡ ᠪᠣᠯᠣᠨ ᠥᠪᠡᠷ ᠥᠪᠡᠷ ᠤᠨ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ ᠤᠯᠠᠨ ᠵᠠᠯᠠᠭᠤ ᠬᠦᠴᠦᠨ ᠢ ᠬᠥᠮᠥᠵᠢᠭᠦᠯᠵᠦ ᠥᠭᠭᠦᠶ᠎ᠡ᠃      ᠲᠠᠪᠤ ᠳᠤ ᠨᠡᠩ ᠨᠢᠭᠲᠠ ᠤᠯᠠᠨ ᠲᠠᠯᠠᠲᠤ ᠬᠠᠮᠵᠢᠯᠴᠠᠭ᠎ᠠ ᠶᠢ ᠥᠷᠨᠢᠭᠦᠯᠦᠶ᠎ᠡ᠃ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢᠨ ᠪᠦᠳᠦᠭᠦᠪᠴᠢ ᠵᠥᠪᠯᠡᠯᠴᠡᠭᠡᠷ ᠤᠨ ᠳᠣᠲᠣᠷᠠᠬᠢ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ ᠳᠣᠲᠣᠨᠣ ᠦᠨᠡᠨᠴᠢ ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠪᠠᠷᠢᠮᠲᠠᠯᠠᠵᠤ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠬᠥᠷᠰᠢ ᠵᠡᠷᠭᠡᠯᠡᠳᠡᠭᠡ ᠳᠡᠭᠡᠨ ᠨᠡᠩ ᠢᠯᠡᠭᠦᠦ ᠬᠦᠷᠲᠡᠭᠡᠨ᠎ᠡ᠃      ᠵᠢᠷᠭᠤᠭ᠎ᠠ ᠳᠤ᠂ ᠳᠠᠯᠠᠢ ᠳᠡᠭᠡᠷᠡᠬᠢ ᠨᠡᠩ ᠰᠠᠶᠢᠨ ᠬᠤᠷᠰᠢᠯᠴᠠᠭ᠎ᠠ ᠶᠢ ᠪᠡᠶᠡᠯᠡᠭᠦᠯᠦᠶ᠎ᠡ᠃ ᠬᠤᠶᠠᠷ ᠤᠯᠤᠰ ᠤᠨ ᠤᠳᠤᠷᠢᠳᠬᠤ ᠬᠥᠮᠥᠰ ᠤᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ ᠥᠷᠭᠡᠳᠬᠡᠵᠦ᠂ ᠬᠠᠮᠲᠤ ᠪᠠᠷ ᠨᠡᠭᠡᠭᠡᠨ ᠬᠥᠭᠵᠢᠭᠦᠯᠬᠦ ᠶᠢ ᠵᠣᠷᠢᠭ ᠰᠢᠭᠤᠳᠤᠨ ᠡᠬᠢᠯᠡᠭᠦᠯᠵᠦ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢ ᠲᠦᠷᠭᠡᠬᠡᠨ ᠲᠣᠬᠢᠷᠠᠯᠴᠠᠬᠤ ᠶᠢ ᠠᠬᠢᠭᠤᠯᠤᠶ᠎ᠠ᠃      ᠰᠦ᠋ ᠯᠢᠨ ᠠᠴᠠ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢᠨ ᠲᠠᠰᠢᠷᠠᠮ ᠢᠶᠠᠷ ᠸᠢᠶᠧᠲᠨᠠᠮ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠬᠠᠯᠠᠭᠤᠨ ᠢᠶᠠᠷ ᠤᠭᠲᠤᠪᠠ᠃ ᠰᠦ᠋ ᠯᠢᠨ᠂ ᠶᠡᠷᠦᠩᠬᠡᠢ ᠱᠦᠵᠢ ᠰᠢ ᠶᠢᠨ ᠫᠢᠩ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠭᠠᠷᠮᠠᠭᠠᠢ ᠤᠳᠤᠷᠢᠳᠤᠭᠴᠢ ᠮᠥᠨ᠂ ᠪᠠᠰᠠ ᠴᠤ ᠸᠢᠶᠧᠲᠨᠠᠮ ᠤᠨ ᠠᠷᠠᠳ ᠲᠦᠮᠡᠨ ᠤ ᠠᠭᠤᠤ ᠶᠡᠭᠡ ᠨᠠᠶᠢᠵᠠ ᠮᠥᠨ᠃ ᠶᠡᠷᠦᠩᠬᠡᠢ ᠱᠦᠵᠢ ᠰᠢ ᠶᠢᠨ ᠫᠢᠩ ᠡᠨᠡ ᠵᠢᠯ ᠤᠨ ᠠᠩᠬᠠᠳᠠᠭᠴᠢ ᠭᠠᠳᠠᠭᠠᠳᠤ ᠤᠯᠤᠰ ᠲᠠᠬᠢ ᠠᠶᠢᠯᠴᠢᠯᠠᠯᠲᠠ ᠳᠠᠭᠠᠨ ᠸᠢᠶᠧᠲᠨᠠᠮ ᠳᠤ ᠢᠷᠡᠭᠰᠡᠨ ᠨᠢ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ ᠴᠢᠬᠤᠯᠠᠴᠢᠯᠠᠨ ᠦᠵᠡᠵᠦ ᠪᠠᠶᠢᠬᠤ ᠪᠠ ᠸᠢᠶᠧᠲᠨᠠᠮ ᠢ ᠲᠡᠮᠵᠢᠵᠥ ᠪᠠᠶᠢᠬᠤ ᠶᠢ ᠭᠦᠢᠴᠡᠳ ᠢᠯᠡᠷᠡᠭᠦᠯᠪᠡ᠃ ᠲᠤᠰ ᠤᠳᠠᠭ᠎ᠠ ᠶᠢᠨ ᠠᠶᠢᠯᠴᠢᠯᠠᠯᠲᠠ ᠨᠢ ᠯᠠᠪᠲᠠᠢ ᠬᠤᠶᠠᠷ ᠨᠠᠮ ᠬᠤᠶᠠᠷ ᠤᠯᠤᠰ ᠤᠨ ᠨᠥᠭᠦᠷᠰᠡᠭ ᠶᠠᠪᠤᠯᠴᠠᠭ᠎ᠠ ᠶᠢᠨ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ ᠪᠣᠯᠵᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠬᠤ ᠪᠣᠯᠣᠨ᠎ᠠ ᠭᠡᠵᠦ ᠢᠯᠡᠳᠬᠡᠪᠡ᠃      ᠰᠦ᠋ ᠯᠢᠨ᠂ ᠶᠡᠷᠦᠩᠬᠡᠢ ᠱᠦᠵᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠦᠬᠦ ᠲᠠᠯ᠎ᠠ ᠪᠠᠷ ᠠᠬᠢᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠦᠷᠭᠡᠨ ᠬᠥᠭᠵᠢᠵᠦ᠂ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠲᠠᠰᠤᠷᠠᠯᠲᠠ ᠦᠭᠡᠢ ᠳᠡᠭᠡᠭᠰᠢᠯᠡᠪᠡ᠂ ᠸᠢᠶᠧᠲᠨᠠᠮ ᠤᠨ ᠬᠢᠨ ᠡᠭᠦᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠣᠷᠳᠣ ᠬᠤᠭᠤᠴᠠᠭᠠᠨ ᠤ ᠲᠤᠷᠰᠢ ᠸᠢᠶᠧᠲᠨᠠᠮ ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ ᠭᠡᠵᠦ ᠢᠯᠡᠳᠬᠡᠪᠡ᠃      ᠰᠦ᠋ ᠯᠢᠨ᠂ ᠸᠢᠶᠧᠲᠨᠠᠮ ᠪᠣᠯᠣᠨ ᠳᠤᠮᠳᠠᠳᠤ ᠤᠯᠤᠰ ᠪᠣᠯ ᠪᠦᠷ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠪᠣᠯᠣᠨ᠎ᠠ᠂ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠪᠣᠯ ᠸᠢᠶᠧᠲᠨᠠᠮ ᠤᠨ ᠪᠤᠰᠤᠳᠴᠢ ᠱᠠᠭᠠᠷᠳᠠᠯᠭ᠎ᠠ ᠮᠥᠨ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠰᠣᠩᠭᠤᠯᠲᠠ ᠮᠥᠨ ᠃ ᠸᠢᠶᠧᠲᠨᠠᠮ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠨᠢᠭᠡᠳᠦᠯ ᠤᠨ ᠶᠡᠭᠡ ᠦᠢᠯᠡᠰ ᠢᠶᠠᠨ ᠪᠡᠶᠡᠯᠡᠭᠦᠯᠬᠦ ᠶᠢ ᠳᠡᠮᠵᠢᠵᠦ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠠᠮᠠᠷᠪᠠ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ᠃ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ ᠠᠬᠢᠭᠤᠯᠬᠤ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠵᠦ᠂ ᠴᠠᠭ ᠦᠶ᠎ᠡ ᠶᠢᠨ ᠤᠷᠤᠰᠬᠠᠯ ᠲᠠᠢ ᠨᠡᠶᠢᠴᠡᠨ᠎ᠡ᠃ ᠸᠢᠶᠧᠲᠨᠠᠮ ᠤᠨ ᠬᠢᠨ ᠳᠤᠮᠳᠠᠳᠤ ᠤᠯᠤᠰ  ᠯᠤᠭ᠎ᠠ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠤ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠪᠠᠲᠤᠳᠬᠠᠬᠤ︔ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠨᠡᠩ ᠤᠯᠠᠨ ᠭᠢᠯᠠᠰ ᠴᠡᠭ ᠢ ᠪᠤᠢ ᠪᠤᠯᠭᠠᠬᠤ︔ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ᠂ ᠣᠷᠣᠨ ᠨᠤᠲᠤᠭ᠂ ᠵᠠᠯᠠᠭᠤᠴᠤᠳ ᠤᠨ ᠶᠠᠪᠤᠯᠴᠠᠭ᠎ᠠ ᠶᠢ ᠠᠬᠢᠭᠤᠯᠵᠤ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠸᠢᠶᠧᠲᠨᠠᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢ ᠲᠡᠮᠵᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠠᠴᠠ ᠬᠥᠷᠰᠢ ᠵᠡᠷᠭᠡᠯᠡᠳᠡᠭᠡ ᠤᠯᠤᠰ ᠯᠤᠭ᠎ᠠ ︽ᠲᠠᠪᠤᠨ ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠠᠯᠤᠰ ᠤᠨ ᠲᠥᠰᠥᠪ ᠪᠠ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ ᠴᠢᠭᠯᠡᠯᠲᠡ ᠶᠢ ᠪᠠᠷᠢᠮᠲᠠᠯᠠᠬᠤ ᠪᠠᠷ ᠲᠣᠭᠲᠠᠭᠰᠠᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠸᠢᠶᠧᠲᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ ᠪᠣᠯᠣᠨ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠲᠤ ᠰᠠᠬᠢᠵᠤ᠂ ᠤᠯᠠᠨ ᠤᠯᠤᠰ ᠤᠨ ᠠᠷᠠᠯᠵᠢᠶᠠᠨ ᠤ ᠳᠦᠷᠢᠮ ᠢ ᠬᠠᠮᠠᠭᠠᠯᠠᠵᠤ᠂ ᠬᠤᠶᠠᠷ ᠲᠠᠯ᠎ᠠ ᠶᠢᠨ ᠲᠣᠭᠲᠠᠭᠰᠠᠨ ᠬᠡᠯᠡᠯᠴᠡᠭᠡᠷ ᠢ ᠵᠢᠷᠤᠮᠯᠠᠵᠤ᠂ ᠬᠠᠮᠲᠤ ᠪᠠᠷ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ ᠸᠢᠶᠧᠲᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠲᠠᠯᠠᠢ ᠳᠡᠭᠡᠷᠡᠬᠢ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ᠂ ᠲᠠᠯᠠᠢ ᠳᠡᠭᠡᠷᠡᠬᠢ ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ᠃      ᠬᠡᠯᠡᠯᠴᠡᠭᠡ ᠬᠢᠬᠦ ᠠᠴᠠ ᠡᠮᠦᠨ᠎ᠡ᠂ ᠰᠦ᠋ ᠯᠢᠨ ᠰᠢ ᠶᠢᠨ ᠫᠢᠩ ᠢ ᠤᠷᠢᠵᠤ ᠪᠠᠭ᠎ᠠ ᠬᠡᠪᠴᠢᠶᠡᠨ ᠤ ᠴᠠᠶᠢᠯᠠᠯᠭ᠎ᠠ ᠬᠢᠪᠡ᠃ ᠬᠤᠶᠠᠷ ᠨᠠᠮ ᠤᠨ ᠶᠡᠷᠦᠩᠬᠡᠢ ᠱᠦᠵᠢ ᠨᠠᠮ ᠢ ᠵᠠᠰᠠᠬᠤ ᠲᠦᠷᠦ ᠶᠢ ᠵᠠᠰᠠᠬᠤ ᠣᠶᠢᠯᠠᠭᠠᠭᠳᠠᠬᠤᠨ ᠤ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠨᠠᠮ ᠤᠨ ᠪᠠᠶᠢᠭᠤᠯᠤᠯᠲᠠ ᠨᠢ ᠨᠠᠮ ᠪᠣᠯᠣᠨ ᠤᠯᠤᠰ ᠤᠨ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠵᠤ᠂ ᠨᠠᠮ ᠤᠨ ᠰᠤᠷᠲᠠᠯ ᠨᠢ ᠬᠥᠮᠥᠨ ᠤ ᠰᠡᠳᠬᠢᠯ ᠤᠨ ᠬᠦᠷᠢᠶᠡᠯᠡᠬᠦ ᠪᠠ ᠡᠰᠡᠷᠭᠦᠴᠡᠬᠦ ᠲᠠᠢ ᠬᠤᠯᠪᠣᠭᠳᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠡᠨᠡ ᠵᠢᠯ ᠪᠦᠬᠦ ᠨᠠᠮ ᠢᠶᠠᠷ ᠢᠶᠠᠨ ᠲᠥᠪ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠪᠠᠷ ᠲᠣᠭᠲᠠᠪᠠ᠃ ᠬᠤᠶᠠᠷ ᠨᠠᠮ ᠤᠨ ᠶᠡᠷᠦᠩᠬᠡᠢ ᠱᠦᠵᠢ ᠰᠣᠯᠢᠯᠴᠠᠭ᠎ᠠ ᠪᠠᠨ ᠴᠢᠩᠭᠠᠳᠬᠠᠵᠤ ᠬᠠᠷᠢᠯᠴᠠᠨ ᠲᠣᠯᠢ ᠪᠤᠯᠭᠠᠬᠤ᠂ ᠨᠡᠶᠢᠭᠡᠮ ᠵᠢᠷᠤᠮ ᠤᠨ ᠵᠠᠮ ᠢᠶᠠᠷ ᠬᠠᠮᠲᠤ ᠪᠠᠷ ᠰᠠᠶᠢᠲᠤᠷ ᠵᠠᠮᠨᠠᠬᠤ ᠪᠠᠷ ᠰᠠᠨᠠᠯ ᠨᠢᠭᠡᠲᠡᠢ ᠵᠥᠪᠰᠢᠶᠡᠷᠡᠪᠡ᠃      ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ ᠸᠢᠶᠧᠲᠨᠠᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ ᠬᠠᠮᠲᠤ ᠪᠠᠷ ᠭᠡᠷᠡᠴᠢᠯᠡᠵᠦ᠂ ᠬᠤᠯᠪᠣᠯᠳᠤᠨ ᠨᠡᠪᠲᠡᠷᠡᠯᠴᠡᠬᠦ᠂ ᠵᠣᠬᠢᠶᠠᠮᠠᠯ ᠤᠶᠤᠨ ᠴᠢᠳᠠᠪᠤᠷᠢ᠂ ᠪᠣᠭᠤᠮᠲᠠ ᠶᠢᠨ ᠰᠢᠯᠭᠠᠨ ᠪᠠᠶᠢᠴᠠᠭᠠᠬᠤ ᠬᠢᠵᠢᠭ ᠢ ᠪᠠᠶᠢᠴᠠᠭᠠᠬᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ᠂ ᠰᠣᠶᠣᠯ ᠪᠠ ᠪᠡᠶ᠎ᠡ ᠶᠢᠨ ᠲᠠᠮᠢᠷ᠂ ᠠᠷᠠᠳ ᠤᠨ ᠠᠮᠢᠳᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠵᠠᠭᠤᠴᠢᠯᠠᠭᠤᠷ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃      ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠲᠨᠠᠮ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃      ᠲᠤᠰ ᠣᠷᠣᠢ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠬᠠᠮᠲᠤ ᠪᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠱᠦᠵᠢ ᠨᠠᠷ ᠤᠨ ᠭᠠᠵᠠᠷ ᠤᠨ ᠱᠦᠵᠢ ᠵᠡᠷᠭᠡ ᠤᠳᠤᠷᠢᠳᠬᠤ ᠨᠥᠬᠦᠳ ᠪᠠᠷ᠎ᠠ ᠪᠣᠯᠵᠤ ᠣᠷᠣᠯᠴᠠᠪᠠ᠃      ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号