- ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ | ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠪᠠᠶᠠᠷ ᠤᠨ ᠦᠭᠡ | ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ | ︵2025 ᠣᠨ ᠤ 4 ᠰᠠᠷ᠎ᠠ ᠶᠢᠨ 15 ᠤ ᠡᠳᠦᠷ ᠬᠠᠨᠤᠢ ᠳᠤ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠢ ᠱᠦᠵᠢ ᠰᠦ᠋ ᠯᠢᠨ | ᠳᠤᠮᠳᠠᠳᠤ ᠸᠢᠶᠧᠲᠨᠠᠮ ᠬᠤᠶᠠᠷ ᠤᠯᠤᠰ ᠤᠨ ᠨᠥᠬᠦᠳ᠂ ᠨᠠᠶᠢᠵᠠ ᠨᠠᠷ ᠠ᠋᠄ | ᠰᠠᠶᠢᠨ ᠪᠠᠶᠢᠵᠠᠭᠠᠨ᠎ᠠ ᠦᠦ︕ | ᠬᠠᠨᠤᠢ ᠳᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠳᠤ | ᠣᠷᠣᠯᠴᠠᠬᠰᠠᠨ ᠬᠤᠶᠠᠷ ᠤᠯᠤᠰ ᠤᠨ ᠲᠥᠯᠥᠭᠡᠯᠡᠭᠴᠢᠳ ᠲᠠᠢ ᠠᠭᠤᠯᠵᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠪᠢ | ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠲᠠ ᠨᠠᠷ ᠲᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠵᠦ ᠪᠠᠶᠢᠨ᠎ᠠ᠃ ᠡᠨᠡ ᠪᠣᠯ ᠮᠢᠨᠤ 10 ᠵᠢᠯ ᠤᠨ ᠳᠣᠲᠣᠷ᠎ᠠ ᠸᠢᠶᠧᠲᠨᠠᠮ ᠳᠤ ᠳᠥᠷᠪᠡᠳᠡᠬᠢ ᠤᠳᠠᠭ᠎ᠠ ᠠᠶᠢᠯᠴᠢᠯᠠᠵᠤ | ᠪᠠᠶᠢᠭ᠎ᠠ ᠶᠠᠪᠤᠳᠠᠯ ᠪᠤᠯᠬᠤ ᠪᠥᠭᠡᠳ ᠪᠠᠰᠠ ᠴᠤ ᠮᠢᠨᠤ ᠡᠨᠡ ᠵᠢᠯ ᠤᠨ ᠠᠩᠬᠠᠳᠠᠭᠴᠢ ᠠᠶᠢᠯᠴᠢᠯᠠᠯᠲᠠ ᠶᠢᠨ ᠠᠩᠬᠠᠨ ᠤ | ᠥᠷᠲᠡᠭᠡ ᠪᠣᠯᠣᠨ᠎ᠠ᠃ ᠥᠴᠥᠭᠡᠳᠦᠷ ᠦᠳᠡ ᠶᠢᠨ ᠬᠤᠶᠢᠨ᠎ᠠ᠂ ᠪᠢ ᠶᠡᠷᠦᠩᠬᠡᠢ ᠱᠦᠵᠢ ᠰᠦ᠋ ᠯᠢᠨ ᠲᠠᠢ ᠪᠠᠶᠠᠯᠢᠭ ᠦᠷ᠎ᠡ | ᠪᠦᠲᠦᠭᠡᠯ ᠣᠯᠣᠭᠰᠠᠨ ᠬᠡᠯᠡᠯᠴᠡᠭᠡ ᠬᠢᠵᠦ᠂ ᠰᠢᠨ᠎ᠡ ᠴᠠᠭ ᠦᠶ᠎ᠡ ᠶᠢᠨ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ | ᠰᠠᠶ᠋ᠢᠬᠠᠨ᠂ ᠶᠡᠷᠦᠩᠬᠡᠢ ᠱᠦᠵᠢ ᠰᠦ᠋ ᠯᠢᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠶᠠᠷᠢᠶ᠎ᠠ ᠲᠠᠯᠪᠢᠪᠠ᠂ ᠪᠢ ᠲᠡᠭᠦᠨ ᠤ | ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠲᠤᠬᠠᠢ ᠢᠳᠡᠪᠬᠢᠲᠡᠢ ᠦᠨᠡᠯᠡᠯᠲᠡ ᠶᠢ ᠪᠦᠷᠢᠮᠦᠰᠦᠨ ᠵᠥᠪᠰᠢᠶᠡᠷᠡᠵᠦ | ᠪᠠᠶᠢᠨ᠎ᠠ᠃ | ︽ᠤᠷᠭᠤᠭ᠎ᠠ ᠮᠣᠳᠣ ᠦᠨᠳᠦᠰᠦ ᠲᠠᠢ᠂ ᠠᠭᠤᠯᠠ ᠤᠰᠤ ᠡᠬᠢ ᠲᠠᠢ︾᠃ ᠳᠤᠮᠳᠠᠳᠤ ᠸᠢᠶᠧᠲᠨᠠᠮ ᠤᠨ | ᠬᠠᠷᠢᠯᠴᠠᠭ᠎ᠠ ᠶᠢᠨ ᠰᠠᠭᠤᠷᠢ ᠨᠢ ᠠᠷᠠᠳ ᠲᠦᠮᠡᠨ ᠳᠤ ᠪᠠᠶᠢᠨ᠎ᠠ᠂ ᠠᠮᠢᠨ ᠰᠤᠳᠠᠰᠤ ᠨᠢ ᠠᠷᠠᠳ ᠲᠦᠮᠡᠨ ᠳᠤ ᠪᠠᠶᠢᠨ᠎ᠠ᠂ | ᠬᠦᠴᠦᠨ ᠴᠢᠳᠠᠯ ᠨᠢ ᠠᠷᠠᠳ ᠲᠦᠮᠡᠨ ᠳᠤ ᠪᠠᠶᠢᠨ᠎ᠠ᠃ ᠤᠷᠳᠤ ᠬᠤᠭᠤᠴᠠᠭᠠᠨ ᠤ ᠲᠤᠷᠰᠢ᠂ ᠭᠠᠷ ᠬᠤᠯᠪᠣᠨ ᠮᠥᠬᠦᠯ ᠠᠴᠠ | ᠠᠪᠤᠷᠠᠵᠤ ᠣᠷᠣᠰᠢᠨ ᠲᠣᠭᠲᠠᠨᠢᠬᠤ ᠪᠠᠷ ᠲᠡᠮᠡᠴᠡᠵᠦ ᠬᠤᠪᠢᠰᠬᠠᠯ ᠤᠨ ᠦᠷ᠎ᠡ ᠶᠢ ᠰᠠᠴᠤᠭᠰᠠᠨ ᠠᠴᠠ᠂ ᠮᠥᠷᠥ ᠵᠡᠷᠭᠡᠴᠡᠨ | ᠪᠠᠶᠢᠯᠳᠤᠵᠤ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠪᠡᠶᠡᠯᠡᠭᠦᠯᠦᠭᠰᠡᠨ ᠭᠦᠷᠲᠡᠯ᠎ᠡ᠂ | ᠲᠠᠭᠢᠭᠠᠳ ᠣᠳᠣᠬᠢᠴᠢᠯᠠᠯᠲᠠ ᠶᠢᠨ ᠠᠶᠠᠨ ᠳᠤ ᠬᠠᠮᠲᠤ ᠪᠠᠷ ᠤᠷᠤᠭᠰᠢᠯᠠᠭᠰᠠᠨ ᠭᠦᠷᠲᠡᠯ᠎ᠡ᠂ ᠳᠤᠮᠳᠠᠳᠤ ᠸᠢᠶᠧᠲᠨᠠᠮ ᠬᠤᠶᠠᠷ | ᠤᠯᠤᠰ ᠤᠨ ᠠᠷᠠᠳ ᠲᠦᠮᠡᠨ ᠢᠮᠠᠭᠲᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ | ᠬᠠᠮᠲᠤᠳᠬᠠᠵᠤ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠭᠰᠡᠭᠡᠷ ᠢᠷᠡᠪᠡ | ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠳᠤᠮᠳᠠ ᠦᠨᠳᠦᠰᠦᠯᠡᠨ ᠰᠣᠶᠣᠭᠠᠯᠠᠪᠠ᠃ ᠳᠤᠮᠳᠠᠳᠤ ᠤᠯᠤᠰ ᠸᠢᠶᠧᠲᠨᠠᠮ ᠤᠨ ᠠᠷᠠᠳ ᠲᠦᠮᠡᠨ ᠤ | ᠹᠷᠠᠨᠼᠢ ᠶᠢ ᠡᠰᠡᠷᠭᠦᠴᠡᠬᠦ᠂ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ ᠲᠡᠮᠡᠴᠡᠯ ᠢ ᠪᠦᠭᠦ ᠬᠦᠴᠦ ᠪᠠᠷ ᠢᠶᠠᠨ | ᠲᠡᠮᠵᠢᠪᠠ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠸᠢᠶᠧᠲᠨᠠᠮ ᠤᠨ ᠰᠤᠷᠤᠬᠴᠢ᠂ ᠸᠢᠶᠧᠲᠨᠠᠮ ᠤᠨ ᠡᠪ ᠬᠠᠮᠲᠤ | ᠨᠠᠮ ᠤᠨ ᠡᠷᠲᠡ ᠦᠶ᠎ᠡ ᠶᠢᠨ ᠤᠳᠤᠷᠢᠳᠤᠭᠴᠢ ᠯᠢ ᠬᠤᠩ ᠹᠧᠩ ᠭᠤᠸᠠᠩᠵᠧᠦ ᠶᠢᠨ ᠪᠣᠰᠣᠯᠭ᠎ᠠ ᠳᠤ ᠣᠷᠣᠯᠴᠠᠵᠤ᠂ ︽ | ᠬᠤᠶᠠᠷ ᠤᠯᠤᠰ ᠤᠨ ᠵᠠᠩᠵᠤᠨ︾ ᠬᠤᠩ ᠱᠦᠢ ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠤᠨ | ᠤᠷᠳᠤ ᠵᠠᠮ ᠤᠨ ᠠᠶᠠᠨ ᠲᠠᠶᠢᠨ ᠳᠤ ᠣᠷᠣᠯᠴᠠᠪᠠ᠃ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ | ᠴᠢᠯᠦᠭᠡᠯᠡᠯᠲᠡ ᠶᠢ ᠲᠡᠮᠡᠴᠡᠨ ᠣᠯᠬᠤ ᠰᠢᠳᠤᠷᠭᠤ ᠶᠣᠰᠣᠨ ᠤ ᠦᠢᠯᠡᠰ ᠤᠨ ᠳᠤᠮᠳᠠ᠂ ᠳᠤᠮᠳᠠᠳᠤ ᠸᠢᠶᠧᠲᠨᠠᠮ ᠬᠤᠶᠠᠷ | ᠤᠯᠤᠰ ᠤᠨ ᠠᠷᠠᠳ ᠲᠦᠮᠡᠨ ᠮᠥᠷᠥ ᠵᠡᠷᠭᠡᠴᠡᠨ ᠪᠠᠶᠢᠯᠳᠤᠵᠤ᠂ ︽ᠨᠥᠬᠦᠷ ᠪᠥᠭᠡᠳ ᠠᠬ᠎ᠠ ᠳᠡᠭᠦᠦ︾ ᠶᠢᠨ ᠭᠦᠨ ᠵᠤᠵᠠᠭᠠᠨ | ᠨᠥᠬᠦᠷᠯᠡᠯ ᠢ ᠭᠠᠯ ᠤᠯᠠᠭᠠᠨ ᠳᠡᠪᠢᠰᠬᠡᠷ ᠥᠩᠭᠡ ᠪᠠᠷ ᠪᠤᠳᠤᠭᠯᠠᠪᠠ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠪᠦᠯᠬᠦᠮᠳᠡᠯ ᠬᠠᠮᠵᠢᠯᠴᠠᠭ᠎ᠠ ᠳᠤᠮᠳᠠ | ᠴᠡᠴᠡᠭᠯᠡᠨ ᠵᠢᠮᠢᠰᠯᠡᠪᠡ᠃ ᠣᠶᠢᠷ᠎ᠠ ᠶᠢᠨ ᠵᠢᠯ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ | ᠨᠡᠩ ᠥᠨᠳᠥᠷ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ ᠪᠣᠳᠠᠲᠠᠢ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ | ᠭᠦᠨᠵᠡᠭᠡᠢ᠂ ᠠᠷᠠᠳ ᠤᠨ ᠰᠠᠨᠠᠭ᠎ᠠ ᠶᠢᠨ ᠰᠠᠭᠤᠷᠢ ᠨᠡᠩ ᠪᠠᠲᠤ᠂ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠨᠡᠩ | ᠴᠢᠩᠭ᠎ᠠ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠨᠡᠩ ᠰᠠᠶᠢᠨ ︽ᠵᠢᠷᠭᠤᠭᠠᠨ ᠨᠡᠩ ᠪᠠᠶᠢᠬᠤ︾ | ᠶᠡᠷᠦᠩᠬᠡᠢ ᠬᠠᠷᠠᠯᠲᠠ ᠳᠤ ᠠᠩᠬᠠᠷᠤᠯ ᠲᠥᠪᠯᠡᠷᠡᠭᠦᠯᠵᠦ᠂ ᠤᠯᠤᠰ ᠲᠦᠷᠦ᠂ ᠠᠮᠤᠷ ᠲᠦᠪᠰᠢᠨ᠂ ᠠᠵᠤ ᠠᠬᠤᠢ ᠠᠷᠠᠯᠵᠢᠶ᠎ᠠ᠂ | ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ 30 ᠭᠠᠷᠤᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠤᠶᠠᠷ | ᠲᠠᠯ᠎ᠠ ᠶᠢᠨ ᠠᠷᠠᠯᠵᠢᠶᠠᠨ ᠤ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ᠂ ᠳᠤᠮᠳᠠᠳᠤ ᠤᠯᠤᠰ ᠨᠢ | ᠸᠢᠶᠧᠲᠨᠠᠮ ᠤᠨ ᠭᠠᠳᠠᠭᠠᠳᠤ ᠪᠡᠯᠡ ᠶᠢᠨ ᠢᠷᠡᠯᠲᠡ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠬᠤᠶᠠᠷ ᠤᠯᠤᠰ ᠤᠨ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ᠂ | ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ᠂ | ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠢᠳᠡ ᠭᠦᠭ ᠲᠠᠢ ᠶᠠᠪᠤᠭᠳᠠᠵᠤ ᠪᠠᠶᠢᠨ᠎ᠠ᠃ ᠬᠤᠶᠠᠷ | ᠤᠯᠤᠰ ᠢᠶᠠᠷ ᠢᠶᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ᠲᠤᠰ ᠤᠯᠤᠰ ᠤᠨ ᠢᠶᠠᠨ ᠪᠠᠶᠢᠳᠠᠯ ᠳᠤ | ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ᠂ ᠲᠠᠰᠤᠷᠠᠯᠲᠠ ᠦᠭᠡᠢ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠤᠨ ᠰᠢᠨ᠎ᠡ ᠠᠮᠵᠢᠯᠲᠠ ᠪᠦᠲᠦᠮᠵᠢ ᠶᠢ ᠣᠯᠪᠠ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ | ᠳᠤᠮᠳᠠ ᠤᠯᠠᠮᠵᠢᠯᠠᠭᠳᠠᠨ ᠭᠦᠨᠵᠡᠭᠡᠶᠢᠷᠡᠪᠡ᠃ ᠳᠡᠯᠡᠬᠡᠢ ᠶᠢᠨ ᠡᠩᠬᠡ ᠲᠠᠶᠢᠪᠤᠩ ᠪᠠ ᠬᠥᠮᠥᠨ ᠲᠥᠷᠥᠯᠬᠢᠲᠡᠨ ᠤ ᠲᠠᠪᠰᠢᠯᠳᠠ | ᠪᠣᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠪᠠᠷ ᠬᠥᠭᠡᠭᠡᠴᠡᠯᠳᠦᠬᠦ ᠡᠷᠬᠢᠮ ᠳᠡᠭᠡᠳᠦ ᠦᠢᠯᠡᠰ ᠮᠥᠨ᠃ ᠤᠷᠪᠠᠭᠠᠨ | ᠬᠥᠷᠪᠡᠭᠡᠨ ᠰᠣᠯᠪᠢᠴᠠᠭᠰᠠᠨ ᠳᠡᠯᠡᠬᠡᠢ ᠶᠢᠨ ᠪᠠᠶᠢᠳᠠᠯ ᠤᠨ ᠡᠮᠦᠨ᠎ᠡ᠂ ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ | ᠶᠣᠰᠣ ᠶᠢ ᠡᠷᠡᠰ ᠬᠠᠮᠠᠭᠠᠯᠠᠵᠤ᠂ ᠢᠮᠠᠭᠲᠠ ᠲᠡᠦᠬᠡ ᠶᠢᠨ ᠵᠥᠪ ᠲᠠᠯ᠎ᠠ᠂ ᠴᠠᠭ ᠦᠶ᠎ᠡ ᠶᠢᠨ ᠲᠠᠪᠰᠢᠯᠳᠠ ᠶᠢᠨ ᠲᠠᠯ᠎ᠠ ᠳᠤ ᠪᠠᠲᠤ | ᠵᠣᠭᠰᠣᠵᠤ᠂ ᠠᠽᠢᠶ᠎ᠠ ᠲᠢᠪ ᠪᠣᠯᠣᠨ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ ᠬᠦᠴᠦᠨ ᠢ | ᠬᠠᠩᠭᠠᠶ᠎ᠠ᠃ | ᠨᠥᠬᠦᠳ ᠠ᠋᠂ ᠨᠠᠶᠢᠵᠠ ᠨᠠᠷ ᠠ᠋︕ | ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ᠂ ᠬᠤᠶᠠᠷ ᠤᠯᠤᠰ ᠤᠨ ᠠᠷᠠᠳ ᠲᠦᠮᠡᠨ ᠤ ᠬᠦᠷᠢᠶᠡᠯᠡᠯ | ᠪᠣᠯᠣᠨ ᠳᠡᠮᠵᠢᠯᠭᠡ ᠪᠣᠯ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠪᠠᠲᠤ | ᠪᠠᠬᠢ ᠰᠠᠭᠤᠷᠢ ᠮᠥᠨ᠃ ᠡᠨᠡ ᠵᠢᠯ ᠪᠣᠯ ᠳᠤᠮᠳᠠᠳᠤ ᠸᠢᠶᠧᠲᠨᠠᠮ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ | ᠵᠢᠴᠢ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠪᠣᠯᠣᠨ᠎ᠠ᠂ ᠪᠢᠳᠡ ᠤᠯᠠᠮᠵᠢᠯᠠᠯᠲᠤ | ᠨᠥᠬᠦᠷᠯᠡᠯ ᠢᠶᠠᠨ ᠦᠷᠭᠦᠯᠵᠢᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠨᠠᠷᠢᠨ ᠭᠤᠷᠤᠬ᠎ᠠ ᠶᠢ | ᠳᠤᠮᠳᠠᠳᠤ ᠸᠢᠶᠧᠲᠨᠠᠮ ᠤᠨ ᠨᠥᠬᠦᠷᠯᠡᠯ ᠤᠨ ᠳᠣᠯᠭᠢᠶᠠᠯᠠᠨ ᠤᠷᠤᠰᠬᠤ ᠶᠡᠭᠡ ᠭᠤᠣᠯ ᠪᠤᠯᠭᠠᠵᠤ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ | ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ᠃ | ᠠᠳᠡ ᠰᠠᠭᠤᠯᠴᠠᠬᠰᠠᠳ ᠤᠨ ᠳᠣᠲᠣᠷ᠎ᠠ ᠴᠥᠭᠡᠨ ᠪᠤᠰᠤ ᠵᠠᠯᠠᠭᠤ ᠨᠠᠶᠢᠵᠠ ᠪᠠᠶᠢᠨ᠎ᠠ᠃ ᠵᠠᠯᠠᠭᠤᠴᠤᠳ ᠪᠣᠯ ᠠᠵᠢᠯ | ᠦᠢᠯᠡᠰ ᠤᠨ ᠢᠷᠡᠭᠡᠳᠦᠢ ᠪᠠ ᠬᠦᠰᠡᠯ ᠡᠷᠡᠮᠡᠯᠵᠡᠯ ᠮᠥᠨ᠃ ᠳᠤᠮᠳᠠᠳᠤ ᠤᠯᠤᠰ ᠬᠤᠶᠢᠰᠢᠳᠠ ᠶᠢᠨ 3 ᠵᠢᠯ ᠳᠤ | ᠸᠢᠶᠧᠲᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠢᠷᠡᠭᠦᠯᠵᠦ ︽ᠬᠤᠪᠢᠰᠬᠠᠯᠲᠤ ᠰᠤᠳᠤᠯᠤᠨ ᠰᠤᠷᠤᠯᠴᠠᠬᠤ | ᠠᠶᠠᠯᠠᠯ︾ ᠢ ᠥᠷᠨᠢᠭᠦᠯᠵᠦ᠂ ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠤᠨ | ᠬᠤᠪᠢᠰᠬᠠᠯ ᠤᠨ ᠤᠯᠠ ᠮᠥᠷ ᠢ ᠮᠥᠷᠳᠡᠵᠦ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠬᠤᠪᠢᠰᠬᠠᠯᠲᠤ ᠤᠳᠤᠮᠰᠢᠯ ᠢ | ᠡᠷᠢᠯᠬᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠩᠭᠡ ᠢᠯᠭᠠᠷᠠᠭᠰᠠᠨ ᠳᠦᠷᠰᠦ ᠪᠠᠶᠢᠳᠠᠯ ᠢ | ᠣᠶᠢᠯᠠᠭᠠᠭᠤᠯᠵᠤ᠂ ᠬᠤᠶᠠᠷ ᠤᠯᠤᠰ ᠤᠨ ᠲᠤᠰ ᠲᠤᠰ ᠤᠨ ᠨᠡᠶᠢᠭᠡᠮ ᠵᠢᠷᠤᠮ ᠤᠨ ᠠᠵᠢᠯ ᠦᠢᠯᠡᠰ ᠪᠣᠯᠣᠨ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢ ᠨᠢᠭᠲᠠᠷᠠᠭᠤᠯᠤᠶ᠎ᠠ᠃ | ᠣᠯᠠᠨ ᠳᠤ ᠪᠠᠶᠠᠷᠯᠠᠯ᠎ᠠ︕ |