ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 114  ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/21
    4 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 114 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ 4 ᠰᠠᠷ᠎ᠠ ᠶᠢᠨ 10 ᠤ ᠡᠳᠦᠷ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠪᠠ ᠪᠥᠬᠦ ᠤᠯᠤᠰ᠂ ᠪᠥᠬᠦ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠰᠤᠳᠤᠯᠵᠤ ᠬᠢᠨᠠᠨ ᠵᠥᠪᠯᠡᠪᠡ᠃     ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤ ᠪᠠᠷ ᠢᠶᠠᠨ 4 ᠰᠠᠷ᠎ᠠ ᠶᠢᠨ 10 ᠤ ᠡᠳᠦᠷ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ  ᠬᠤᠷᠢᠶᠠᠨ ᠤ ᠬᠤᠷᠠᠯ  ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠦᠢᠯᠡ ᠠᠵᠢᠯᠯᠠᠭ᠎ᠠ  ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠡᠯ᠎ᠡ ᠵᠦᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠣᠭᠤᠷᠢᠨ ᠪᠠᠶᠢᠴᠠᠭᠠᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠪᠡᠶᠡᠯᠡᠭᠦᠯᠬᠦ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ ᠪᠠᠷ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠬᠠᠯᠠᠨ ᠰᠠᠶᠢᠵᠢᠷᠠᠭᠤᠯᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠬᠤ ᠠᠵᠢᠯ ᠢ ᠢᠵᠢᠯ ᠠᠯᠬᠤᠮ ᠢᠶᠠᠷ ᠠᠬᠢᠭᠤᠯᠤᠨ᠂ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠠᠳᠠᠯᠢ ᠲᠦᠷᠦᠯ ᠤᠨ ᠨᠡᠶᠢᠲᠡᠯᠢᠭ ᠴᠢᠨᠠᠷᠲᠠᠢ ᠠᠰᠠᠭᠤᠳᠠᠯ ᠤᠨ ᠲᠠᠯ᠎ᠠ ᠪᠠᠷ ᠨᠢᠭᠡ ᠠᠴᠠ ᠣᠯᠠᠨ ᠢ ᠵᠦᠢᠴᠢᠯᠡᠨ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠪᠥᠬᠦ ᠤᠯᠤᠰ ᠂ ᠪᠥᠬᠦ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠨᠡ ᠵᠢᠯ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠶᠢ ᠢᠮᠠᠭᠲᠠ ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠯᠲᠡ ᠶᠢᠨ ᠪᠡᠯᠡᠳᠬᠡᠯ ᠢ ᠭᠦᠢᠴᠡᠳ  ᠬᠢᠵᠦ᠂ ᠦᠨᠳᠦᠰᠦᠲᠡᠨ  ᠨᠦᠭᠦᠳ ᠤᠨ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠃ ᠣᠨᠴᠠᠭᠠᠢ ᠴᠠᠭ ᠠᠭᠤᠷ ᠢ ᠠᠷᠭᠠᠴᠠᠬᠤ ᠲᠥᠯᠥᠪᠯᠡᠭᠡ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ᠂ ᠡᠳ᠋ ᠪᠣᠳᠠᠰ ᠤᠨ ᠨᠥᠭᠡᠴᠡ᠂ ᠡᠩᠨᠡᠭᠡᠨ ᠤ ᠪᠠᠶᠢᠭᠤᠯᠤᠯᠲᠠ᠂ ᠳᠠᠯᠳᠠ ᠬᠡᠮ ᠤᠨ ᠵᠢᠭᠰᠠᠭᠠᠨ ᠪᠠᠶᠢᠴᠠᠭᠠᠯᠲᠠ ᠶᠢ ᠪᠣᠳᠠᠲᠠᠶᠢᠵᠢᠭᠤᠯᠵᠤ᠂ ᠦᠶᠡᠷ ᠤᠰᠤᠲᠤᠯ ᠢ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠳᠤ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠵᠠᠩᠭᠢᠯᠠᠭ᠎ᠠ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠦᠢᠯᠡᠳᠪᠦᠷᠢᠯᠡᠯ ᠢ ᠰᠡᠷᠭᠦᠭᠡᠵᠦ ᠪᠠᠶᠢᠭ᠎ᠠ ᠲᠤᠯᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠠᠷᠢᠶ᠎ᠠ ᠣᠷᠣᠨ ᠤ ᠪᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠭᠤᠷ ᠠᠮᠢᠰᠬᠤᠯ ᠤᠨ ᠣᠨᠴᠠᠯᠢᠭ ᠪᠠ ᠭᠠᠯ ᠤᠨ ᠠᠶᠤᠯ ᠤᠨ ᠪᠠᠶᠢᠳᠠᠯ ᠤᠨ ᠲᠣᠭᠤᠷᠢᠨ ᠳᠤ᠂ ᠭᠤᠣᠯᠳᠠᠯᠭ᠎ᠠ ᠲᠠᠢ ᠣᠷᠣᠨ ᠪᠠ ᠵᠠᠩᠭᠢᠯᠠᠭ᠎ᠠ ᠶᠢᠨ ᠬᠡᠰᠡᠭ ᠢ ᠴᠢᠩᠭ᠎ᠠ ᠠᠩᠬᠠᠷᠴᠤ᠂ ᠨᠠᠷᠢᠯᠢᠭ ᠪᠠᠶᠢᠷᠢᠯᠠᠭᠤᠯᠬᠤ ᠶᠢ ᠪᠠᠷᠢᠮᠲᠠᠯᠠᠨ᠂  ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠪᠠᠷ ᠬᠡᠷᠡᠭᠵᠢᠭᠦᠯᠵᠦ᠂ ᠭᠠᠯ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃ ᠬᠤᠷᠠᠯ ᠳᠤ ᠪᠠᠰᠠ ᠪᠤᠰᠤᠳ ᠵᠦᠢᠯ ᠢ ᠰᠤᠳᠤᠯᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号