ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠠᠩᠬᠢᠮ ᠰᠠᠶᠢᠰᠢᠶᠠᠯ ᠤᠨ ᠵᠠᠬᠢᠳᠠᠯ ᠲᠤᠰᠪᠠ᠃ ᠡᠨᠡᠬᠦ ᠰᠠᠶᠢᠰᠢᠶᠠᠯ ᠤᠨ ᠵᠠᠬᠢᠳᠠᠯ ᠨᠢ ᠪᠠᠷᠠᠭᠤᠨ ᠦᠵᠦᠮᠦᠴᠢᠨ | ᠬᠤᠰᠢᠭᠤᠨ ᠤ ︽ᠮᠤᠵᠢ ᠠᠯᠤᠰᠯᠠᠨ ᠨᠡᠶᠢᠳᠡᠮ ᠡᠷᠭᠢᠯᠡᠬᠦ︾ ᠦᠢᠯᠡᠴᠢᠯᠡᠭᠡ ᠶᠢ ᠢᠳᠡᠪᠬᠢᠲᠡᠢ ᠬᠡᠷᠡᠭᠵᠢᠭᠦᠯᠵᠦ ᠠᠷᠠᠳ | ᠤᠨ ᠬᠦᠷᠢᠶᠡᠯᠡᠯ ᠢ ᠤᠯᠤᠭᠰᠠᠨ ᠢ ᠭᠦᠢᠴᠡᠳ ᠬᠠᠷᠠᠭᠤᠯᠵᠦ᠂ ᠣᠯᠠᠨ ᠲᠦᠮᠡᠨ ᠳᠤ ᠦᠨᠡᠬᠦ ᠪᠣᠳᠠᠲᠠᠢ ᠠᠵᠢᠯ ᠬᠢᠵᠦ᠂ | ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠠᠮᠢᠳᠤᠯᠢᠭ ᠵᠢᠱᠢᠶ᠎ᠡ ᠪᠣᠯᠣᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠤᠰ ᠰᠠᠶᠢᠰᠢᠶᠠᠯ ᠤᠨ ᠵᠠᠬᠢᠳᠠᠯ ᠬᠦᠷᠭᠡᠭᠰᠡᠨ ᠬᠦᠮᠦᠨ ᠤ ᠺᠣᠮᠫᠠᠨᠢ ᠶᠢᠨ | ᠳᠠᠩᠰᠠᠯᠠᠭᠤᠯᠤᠭᠰᠠᠨ ᠭᠠᠵᠠᠷ ᠨᠢ ᠠᠷᠤ ᠬᠤᠷᠴᠢᠨ ᠬᠤᠰᠢᠭᠤᠨ ᠳᠤ ᠪᠣᠶ᠃ ᠲᠤᠬᠠᠶᠢᠯᠠᠭᠰᠠᠨ ᠠᠵᠢᠯ ᠤᠨ | ᠬᠥᠭᠵᠢᠯᠲᠡ ᠶᠢᠨ ᠬᠡᠷᠡᠭᠴᠡᠭᠡ ᠠᠴᠠ ᠪᠣᠯᠵᠤ᠂ ᠣᠶᠢᠷ᠎ᠠ ᠶᠢᠨ ᠬᠤᠭᠤᠴᠠᠭᠠᠨ ᠳᠤ ᠲᠤᠰ ᠬᠦᠮᠦᠨ ᠠᠵᠤ ᠠᠬᠤᠶᠢᠯᠠᠯ | ᠤᠨ ᠲᠤᠬᠠᠶᠢᠯᠠᠭᠰᠠᠨ ᠠᠵᠢᠯ ᠢᠶᠠᠨ ᠬᠤᠪᠢᠷᠠᠭᠤᠯᠬᠤ ᠪᠠᠴᠢᠮ ᠱᠠᠭᠠᠷᠳᠠᠯᠭ᠎ᠠ ᠲᠠᠢ ᠪᠣᠯᠵᠠᠢ᠃ ᠭᠡᠪᠡᠴᠦ ᠤᠷᠳᠤ | ᠬᠤᠭᠤᠴᠠᠭ᠎ᠠ ᠪᠠᠷ ᠪᠠᠷᠠᠭᠤᠨ ᠦᠵᠦᠮᠦᠴᠢᠨ ᠬᠤᠰᠢᠭᠤᠨ ᠳᠤ ᠠᠮᠢᠳᠤᠷᠠᠵᠤ ᠪᠠᠶᠢᠭᠰᠠᠨ ᠪᠣᠯᠬᠤᠷ ᠳᠠᠩᠰᠠᠯᠠᠭᠤᠯᠤᠭᠰᠠᠨ | ᠭᠠᠵᠠᠷ ᠲᠠᠭᠠᠨ ᠪᠤᠴᠠᠵᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠲᠦᠭᠦᠮ ᠦᠭᠡᠢ ᠤᠴᠢᠷ ᠠᠴᠠ ᠪᠠᠷᠠᠭᠤᠨ | ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠠᠩᠬᠢᠮ ᠳᠤ ᠬᠦᠷᠴᠦ ᠠᠰᠠᠭᠤᠨ | ᠯᠠᠪᠯᠠᠵᠠᠢ᠃ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠤᠨ | ᠴᠣᠩᠬᠤᠨ ᠤ ᠠᠵᠢᠯᠲᠠᠳ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠪᠠᠷᠠᠭᠤᠨ ᠦᠵᠦᠮᠦᠴᠢᠨ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠠᠩᠬᠢᠮ ᠳᠤ ᠨᠢᠭᠡᠨᠲᠡ ᠣᠷᠣᠨ ᠪᠦᠰᠡ ᠠᠯᠤᠰᠯᠠᠨ ᠬᠠᠮᠵᠢᠯᠴᠠᠨ | ᠭᠦᠢᠴᠡᠳᠬᠡᠬᠦ ᠦᠢᠯᠡᠴᠢᠯᠡᠭᠡ ᠶᠢ ᠨᠠᠪᠲᠠᠷᠡᠭᠦᠯᠵᠦ᠂ ᠳᠠᠩᠰᠠᠯᠠᠭᠤᠯᠤᠭᠰᠠᠨ ᠭᠠᠵᠠᠷ ᠲᠠᠭᠠᠨ ᠪᠤᠴᠠᠬᠤ ᠦᠭᠡᠢ ᠪᠠᠷ | ᠪᠠᠷᠠᠭᠤᠨ ᠦᠵᠦᠮᠦᠴᠢᠨ ᠬᠤᠰᠢᠭᠤᠨ ᠳᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠳᠡᠶᠢᠯᠦᠨ᠎ᠡ ᠭᠡᠵᠦ ᠬᠡᠯᠡᠭᠰᠡᠨ | ᠳᠠᠷᠣᠢ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤ ᠲᠠᠢ ᠬᠤᠯᠪᠣᠭ᠎ᠠ | ᠠᠪᠴᠤ᠂ ᠮᠠᠲ᠋ᠧᠷᠢᠶᠠᠯ ᠤᠨ ᠨᠠᠷᠢᠨ ᠲᠠᠩᠰᠠ ᠪᠣᠯᠣᠨ ᠭᠦᠢᠴᠡᠳᠬᠡᠬᠦ ᠶᠠᠪᠤᠴᠠ ᠶᠢ ᠨᠠᠷᠢᠨ ᠨᠢᠮᠪᠠᠢ ᠬᠠᠷᠭᠤᠭᠤᠯᠵᠠᠢ᠃ | ᠬᠤᠶᠠᠷ ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠲᠠᠨ ᠤ ᠨᠢᠭᠲᠠ ᠬᠠᠮᠵᠢᠯᠴᠠᠭ᠎ᠠ ᠳᠣᠣᠷ᠎ᠠ᠂ | ᠵᠥᠪᠬᠡᠨ 30 ᠮᠢᠨᠦ᠋ᠲ ᠤᠨ ᠳᠣᠲᠣᠷ᠎ᠠ ᠲᠤᠬᠠᠶᠢᠯᠠᠭᠰᠠᠨ ᠠᠵᠢᠯ ᠤᠨ ᠭᠦᠢᠴᠡᠳᠬᠡᠯ ᠢ ᠤᠷᠤᠭᠰᠢᠲᠠᠢ ᠪᠡᠶᠡᠯᠡᠭᠦᠯᠦᠭᠰᠡᠨ | ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶᠠᠨ ᠤ ᠬᠠᠮᠢᠶᠠᠲᠠᠢ ᠬᠠᠷᠢᠭᠤᠴᠠᠯᠭᠠᠲᠠᠨ ᠬᠡᠯᠡᠬᠦ ᠳᠡᠭᠡᠨ ︽ᠲᠠᠷᠠᠭᠠᠴᠢ ᠶᠢᠨ | ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠲᠣᠰ ᠤᠳᠠᠭᠠᠨ ᠤ ᠰᠠᠶᠢᠰᠢᠶᠠᠯ ᠢᠶᠠᠷ ᠬᠥᠳᠡᠯᠭᠡᠬᠦ ᠬᠦᠴᠦᠨ | ᠪᠣᠯᠭᠠᠵᠤ᠂ ᠦᠢᠯᠡᠴᠢᠯᠡᠭᠡᠨ ᠤ ᠠᠯᠬᠤᠮ ᠳᠠᠷᠠᠭ᠎ᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠨᠠᠩ ᠣᠯᠠᠨ ᠰᠢᠨ᠎ᠡ ᠶᠢ | ᠡᠭᠦᠳᠬᠦ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠰᠦᠪᠡᠭᠴᠢᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ | ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠨ᠎ᠡ︾ ᠭᠡᠵᠡᠢ᠃ | |